ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠴᠠᠪ ᠬᠤᠲᠠ᠂ ᠦᠬᠠᠶ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠭᠰᠠᠨ ᠪᠠᠶᠢᠳᠠᠯ ᠢ ᠲᠤᠰᠬᠠᠶᠢᠯᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/7/11

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠭᠰᠠᠨ ᠪᠠᠶᠢᠳᠠᠯ ᠳᠤ ᠲᠤᠰᠬᠠᠶ ᠪᠠᠶᠢᠴᠠᠭᠠᠯᠲᠠ ᠥᠷᠨᠢᠭᠦᠯᠪᠡ᠃


  1.jpg  


    ᠤᠯᠠᠭᠠᠨᠴᠠᠪ ᠬᠤᠲᠠ

    ᠪᠠᠶᠢᠴᠠᠭᠠᠬᠤ ᠳᠤᠭᠤᠶᠢᠯᠠᠩ ᠤᠨ ᠬᠢᠨ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠡᠵᠡᠩᠨᠡᠯᠲᠡ ᠶᠢᠨ ᠭᠤᠤᠯ ᠴᠣᠭᠴᠠ ᠶᠢᠨ 28 ᠡᠷᠦᠬᠡ ᠶᠢ ᠪᠠᠶᠢᠴᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ᠂ ᠲᠡᠷᠭᠡ ᠬᠥᠰᠬᠡ ᠶᠢᠨ ᠨᠢᠭᠡᠳᠦᠮᠡᠯ ᠭᠡᠷᠡᠴᠢ ᠪᠢᠴᠢᠭ᠂ ᠲᠡᠷᠭᠡ ᠬᠥᠰᠬᠡ ᠶᠢᠨ ᠬᠢᠷᠢ ᠲᠡᠩᠴᠡᠭᠰᠡᠨ ᠦᠨᠡᠮᠯᠡᠯ᠂ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠤᠨ ᠦᠨᠡᠮᠯᠡᠯ ᠵᠢᠴᠢ ᠴᠠᠬᠢᠯᠭᠠᠨ ᠬᠤᠷᠢᠶᠠᠭᠤᠷ ᠪᠣᠷᠣᠯᠠᠭᠤᠯᠬᠤ ᠪᠠ ᠬᠠᠶᠠᠭᠳᠠᠮᠠᠯ ᠬᠠᠭᠤᠴᠢᠨ  ᠳ᠋ᠢᠶᠠᠨ ᡂᠢ ᠶᠢ ᠰᠢᠢᠳᠪᠦᠷᠢᠯᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠬᠤ ᠡᠬᠡ ᠲᠠᠩᠰᠠ ᠶᠢ ᠪᠠᠶᠢᠴᠠᠭᠠᠨ ᠦᠵᠡᠬᠦ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠠᠷᠢᠮᠵᠢᠶ᠎ᠠ ᠶᠢᠨ ᠪᠣᠯᠵᠣᠯᠲᠤ ᠲᠤᠭ᠎ᠠ ᠲᠠᠢ ᠬᠠᠷᠭᠤᠭᠤᠯᠤᠨ ᠪᠠᠶᠢᠴᠠᠭᠠᠨ ᠬᠡᠮᠵᠢᠵᠦ᠂ ᠲᠤᠬᠠᠶ ᠶᠢᠨ ᠲᠠᠯᠠᠪᠠᠶ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ 9 ᠭᠤᠤᠯ ᠴᠣᠭᠴᠠ ᠶᠢᠨ ᠪᠣᠷᠣᠯᠠᠭᠤᠯᠤᠭᠰᠠᠨ 34 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠰᠠᠭᠤᠳᠠᠯ ᠤᠨ ᠤᠷᠲᠤ ᠶᠢᠨ ᠬᠡᠮᠵᠢᠶ᠎ᠡ ᠶᠢᠨ ᠬᠢᠵᠠᠭᠠᠷᠯᠠᠯ᠂ ᠡᠮᠦᠨ᠎ᠡ ᠬᠤᠶᠢᠨᠠᠬᠢ ᠬᠦᠷᠳᠦᠨ ᠤ ᠲᠥᠪ ᠤᠨ ᠵᠠᠶ ᠪᠠ ᠪᠦᠬᠦᠯᠢ ᠲᠡᠷᠭᠡᠨ ᠤ ᠶᠠᠰᠤ ᠴᠢᠨᠠᠷ ᠵᠡᠷᠭᠡ ᠪᠣᠯᠵᠣᠯᠲᠤ ᠲᠤᠭ᠎ᠠ ᠨᠢ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠬᠦ ᠥᠬᠡᠶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠪᠡ᠃ ᠪᠠᠶᠢᠴᠠᠭᠠᠬᠤ ᠳᠤᠭᠤᠶᠢᠯᠠᠩ ᠪᠠᠰᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠬᠦ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠬᠦ ᠨᠢᠭᠡᠴᠢ ᠶᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠴᠢᠩᠳᠠᠯᠠᠵᠤ᠂ ᠠᠮᠤᠷ ᠲᠦᠪᠰᠢᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠶᠢ ᠱᠠᠭᠠᠷᠳᠠᠪᠠ᠃

 

2.jpg

   

    ᠦᠬᠠᠢ ᠬᠤᠲᠠ

    ᠪᠠᠶᠢᠴᠠᠭᠠᠬᠤ ᠳᠤᠭᠤᠶᠢᠯᠠᠩ ︽ᠳᠥᠷᠪᠡ ᠶᠢ ᠬᠢᠬᠦ ᠥᠬᠡᠶ ᠬᠤᠶᠠᠷ ᠢ ᠰᠢᠭᠤᠳ ᠭᠦᠢᠴᠡᠳᠬᠡᠬᠦ︾ ᠬᠡᠯᠪᠡᠷᠢ ᠪᠠᠷ ᠦᠬᠠᠶ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ᠂ ᠲᠡᠷᠭᠡ ᠬᠥᠰᠬᠡ ᠶᠢᠨ ᠬᠢᠷᠢ ᠲᠡᠩᠴᠡᠭᠰᠡᠨ ᠦᠨᠡᠮᠯᠡᠯ᠂ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠦᠨᠡᠮᠯᠡᠯ ᠵᠡᠷᠭᠡ ᠪᠠᠶᠢᠳᠠᠯ ᠢ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠦᠵᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠠᠷᠢᠮᠵᠢᠶ᠎ᠠ ᠶᠢᠨ ᠪᠣᠯᠵᠣᠯᠲᠤ ᠲᠤᠭ᠎ᠠ ᠲᠠᠢ ᠬᠠᠷᠭᠤᠭᠤᠯᠤᠨ ᠪᠠᠶᠢᠴᠠᠭᠠᠨ ᠬᠡᠮᠵᠢᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠲᠣᠰ ᠤᠳᠠᠭ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠡᠵᠡᠩᠨᠡᠯᠲᠡ ᠶᠢᠨ ᠭᠤᠤᠯ ᠴᠣᠭᠴᠠ ᠶᠢ 14 ᠪᠠᠶᠢᠴᠠᠭᠠᠵᠤ᠂ 9 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠪᠣᠷᠣᠯᠠᠭᠤᠯᠤᠭᠰᠠᠨ 26 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠰᠠᠭᠤᠳᠠᠯ ᠤᠨ ᠤᠷᠲᠤ ᠶᠢᠨ ᠬᠡᠮᠵᠢᠶ᠎ᠡ ᠪᠠ ᠡᠮᠦᠨ᠎ᠡ ᠬᠤᠶᠢᠨᠠᠬᠢ ᠬᠦᠷᠳᠦᠨ ᠤ ᠲᠥᠪ ᠤᠨ ᠵᠠᠶ ᠵᠡᠷᠭᠡ ᠪᠣᠯᠵᠣᠯᠲᠤ ᠲᠤᠭ᠎ᠠ ᠨᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠪᠡ᠃ ᠪᠠᠶᠢᠴᠠᠭᠠᠬᠤ ᠳᠤᠭᠤᠶᠢᠯᠠᠩ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠶᠠᠷᠢᠯᠴᠠᠨ ᠰᠣᠯᠢᠯᠴᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠵᠢᠯ ᠲᠥᠷᠥᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠬᠦ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠨᠢᠭᠡᠴᠢ ᠶᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠠᠮᠤᠷ ᠲᠦᠪᠰᠢᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃

ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠰᠠᠯᠠᠭ᠎ᠠ ᠮᠥᠴᠢᠷ ᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠬᠠᠷᠢᠶ᠎ᠠ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠦᠢᠯᠡ ᠠᠵᠢᠯᠯᠠᠭ᠎ᠠ ᠶᠢ ᠴᠢᠩᠭᠠᠳᠬᠠᠨ ᠵᠢᠷᠤᠮᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠰᠡᠯᠪᠢᠭ ᠲᠣᠨᠤᠭ ᠢ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠪᠠᠷᠢᠮᠵᠢᠶ᠎ᠠ ᠠᠴᠠ ᠬᠡᠲᠦᠷᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠤᠨ ᠬᠤᠳᠠᠯᠳᠤᠬᠤ᠂ ᠬᠠᠤᠯᠢ ᠪᠤᠰᠤ ᠪᠠᠷ ᠨᠡᠶᠢᠯᠡᠭᠦᠯᠦᠨ ᠤᠭᠰᠠᠷᠠᠬᠤ᠂ ᠥᠭᠡᠷᠡᠴᠢᠯᠡᠨ ᠤᠭᠰᠠᠷᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃

 

ᠢᠷᠡᠯᠲᠡ᠄ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠲᠣᠪᠴᠢᠶ᠎ᠠ