ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2024 ᠣᠨ ᠤ ᠢᠯᠡ ᠪᠠᠷ ᠠᠵᠢᠯᠲᠠᠨ ᠡᠯᠰᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/7/14

    ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠲᠦᠷ ᠬᠡᠷᠡᠭᠵᠢᠭᠦᠯᠬᠦ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠭᠠᠨ ᠡᠯᠰᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠲᠠᠨ ᠢ ᠢᠯᠡ ᠪᠠᠷ ᠡᠯᠰᠡᠬᠦ ᠪᠠᠷ ᠲᠥᠯᠥᠪᠯᠡᠵᠦ᠂ ᠬᠠᠷᠢᠶ᠎ᠠ ᠠᠵᠢᠯ ᠦᠢᠯᠡᠰ ᠤᠨ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠲᠤ ᠠᠵᠢᠯᠲᠠᠨ ᠨᠥᠬᠦᠪᠥᠷᠢᠯᠡᠵᠦ ᠥᠭᠭᠦᠨ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃

    ᠨᠢᠭᠡ᠂ ᠡᠯᠰᠡᠬᠦ ᠲᠥᠯᠥᠪᠯᠡᠭᠡ

    ᠢᠯᠡ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ᠂ ᠲᠣᠰ ᠤᠳᠠᠭ᠎ᠠ ᠨᠡᠶᠢᠭᠡᠮ ᠳᠤ ᠬᠠᠨᠳᠤᠭᠤᠯᠤᠨ ᠠᠵᠢᠯ ᠦᠢᠯᠡᠰ ᠤᠨ ᠨᠢᠭᠡᠴᠢ ᠶᠢᠨ 9 ᠠᠵᠢᠯᠲᠠᠨ ᠢ ᠢᠯᠡ ᠪᠠᠷ ᠡᠯᠰᠡᠨ᠎ᠡ᠃ ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ 7 ᠬᠥᠮᠦᠨ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ 2 ᠬᠥᠮᠦᠨ ᠡᠯᠰᠡᠨ᠎ᠡ᠃

    ᠬᠤᠶᠠᠷ᠂ ᠡᠯᠰᠡᠬᠦ ᠨᠥᠬᠦᠴᠡᠯ

    ︵ᠨᠢᠭᠡ︶ ᠡᠯᠰᠡᠬᠦ ᠳᠤ ᠣᠷᠣᠯᠴᠠᠭᠰᠠᠳ ᠳᠣᠤᠷᠠᠬᠢ ᠬᠢᠷᠢ ᠭᠡᠮ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄

1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠃

2. ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠣᠢᠠᠲᠣᠰᠣᠠ ᠬᠠᠣᠯᠢ ᠪᠠ ᠬᠠᠣᠯᠢ ᠴᠠᠭᠠᠵᠠ ᠶᠢ ᠵᠢᠷᠣᠮᠯᠠᠨ᠂ ᠳᠣᠮᠲᠠᠲᠤ ᠤᠯᠤᠰ ᠤᠨ ᠡᠪ ᠬᠠᠮᠲᠤ ᠨᠠᠮ ᠤᠨ ᠣᠲᠣᠷᠢᠲᠣᠯᠭ᠎ᠠ ᠪᠠ ᠨᠠᠶᠢᠭᠡᠮ ᠵᠢᠷᠣᠮᠲᠤ ᠪᠠᠶᠢᠭᠤᠯᠣᠯ ᠢ ᠬᠦᠷᠢᠶᠡᠯᠡᠨ᠎ᠡ︔

3. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠮᠰᠠᠷ ᠠᠴᠠ ᠪᠠᠨ ᠬᠠᠮᠠᠭᠠᠯᠠᠨ᠎ᠠ︔

4. ᠵᠠᠩ ᠰᠤᠷᠲᠠᠯ ᠲᠥᠪ ᠪᠠᠶᠢᠵᠤ᠂ ᠨᠡᠯᠢᠶᠡᠳ ᠴᠢᠩᠭ᠎ᠠ ᠠᠵᠢᠯ ᠣᠶᠢᠯᠠᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠬᠡᠷᠡᠭᠲᠡᠶ᠃

5. ᠨᠠᠰᠤ ᠨᠢ ᠶᠡᠷᠦ ᠳᠤ ᠪᠠᠨ 18 ᠨᠠᠰᠤᠨ ᠠᠴᠠ ᠳᠡᠭᠡᠭᠰᠢ᠂ 35 ᠨᠠᠰᠤᠨ ᠠᠴᠠ ᠳᠣᠷᠣᠭᠰᠢ᠂ ᠳᠠᠷᠤᠢ 1988 ᠣᠨ ᠤ 7 ᠳ᠋ᠤᠭᠠᠷ ᠰᠠᠷ᠎ᠠ ᠶᠢᠨ 20 ᠤ ᠡᠳᠦᠷ ︵ᠪᠠᠭᠲᠠᠬᠤ ᠦᠭᠡᠢ︶ ᠠᠴᠠ 2006 ᠣᠨ ᠤ 7 ᠳ᠋ᠤᠭᠠᠷ ᠰᠠᠷ᠎ᠠ ᠶᠢᠨ 20 ᠤ ᠡᠳᠦᠷ ︵ᠪᠠᠭᠲᠠᠨ᠎ᠠ︶ ᠤᠨ ᠬᠤᠭᠤᠴᠠᠭᠠᠨ ᠳᠤ ᠲᠥᠷᠥᠭᠰᠡᠨ ᠬᠦᠮᠦᠨ᠃

6. ᠠᠵᠢᠯ ᠤᠨ ᠪᠠᠶᠢᠷᠢ ᠳᠤ ᠬᠡᠷᠡᠭᠰᠡᠬᠦ ᠰᠤᠷᠤᠯᠭ᠎ᠠ ᠶᠢᠨ ᠨᠠᠮᠲᠠᠷ᠂ ᠲᠤᠰᠬᠠᠶ ᠮᠡᠷᠭᠡᠵᠢᠯ ᠪᠤᠶᠤ ᠮᠡᠷᠭᠡᠵᠢᠯ ᠴᠢᠳᠠᠪᠤᠷᠢ ᠶᠢᠨ ᠨᠥᠬᠦᠴᠡᠯ︔

7. ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠲᠣᠬᠢᠷᠠᠬᠤ ᠪᠡᠶ᠎ᠡ ᠮᠠᠬᠠᠪᠣᠳ ᠤᠨ ᠨᠥᠬᠦᠴᠡᠯ︔

8. ᠠᠵᠢᠯ ᠤᠨ ᠪᠠᠶᠢᠷᠢ ᠳᠤ ᠱᠠᠭᠠᠷᠳᠠᠬᠤ ᠪᠤᠰᠤᠳ ᠨᠥᠬᠦᠴᠡᠯ᠃

    ︵ᠬᠤᠶᠠᠷ︶ ᠬᠡᠰᠡᠭ ᠠᠵᠢᠯᠲᠠᠨ ᠡᠯᠰᠡᠬᠦ ᠠᠵᠢᠯ ᠤᠨ ᠪᠠᠶᠢᠷᠢ ᠨᠢ ᠡᠯᠰᠡᠬᠦ ᠳᠤ ᠣᠷᠣᠯᠴᠠᠭᠰᠠᠳ ᠢ ᠨᠡᠶᠢᠲᠡ 2 ᠵᠢᠯ ︵24 ᠰᠠᠷ᠎ᠠ︶ ᠠᠴᠠ ᠳᠡᠭᠡᠭᠰᠢᠬᠢ ᠬᠠᠮᠢᠶ᠎ᠠ ᠪᠥᠬᠦᠶ ᠠᠵᠢᠯ ᠤᠨ ᠥᠩᠭᠡᠷᠡᠯᠲᠡ ᠲᠠᠢ ᠪᠠᠶᠢᠬᠤ ᠶᠢ ᠱᠠᠭᠠᠷᠳᠠᠨ᠎ᠠ ︵ᠪᠣᠳᠠᠲᠠᠶ ᠨᠠᠷᠢᠨ ᠠᠭᠤᠯᠭ᠎ᠠ ᠶᠢ ᠳᠠᠭᠠᠯᠳᠤᠭᠤᠯᠤᠯ ︽ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠦᠵᠡ᠃︶

    ︽ᠬᠠᠮᠢᠶ᠎ᠠ ᠪᠦᠬᠦᠢ ᠠᠵᠢᠯ ᠤᠨ ᠥᠩᠭᠡᠷᠡᠯᠲᠡ︾ ᠭᠡᠳᠡᠭ ᠨᠢ ᠡᠯ᠎ᠡ ᠲᠥᠷᠥᠯ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠯᠠᠬᠤ ᠭᠡᠵᠦ ᠪᠠᠶᠢᠭ᠎ᠠ ᠠᠵᠢᠯ ᠤᠨ ᠪᠠᠶᠢᠷᠢ ᠳᠤ ᠱᠠᠭᠠᠷᠳᠠᠬᠤ ᠥᠩᠭᠡᠷᠡᠯᠲᠡ ᠶᠢ ᠵᠢᠭᠠᠵᠤ ᠪᠤᠶ᠂ ᠡᠭᠦᠨ ᠢ ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠪᠠᠷ ᠦᠵᠡᠵᠦ ᠪᠣᠯᠤᠨ᠎ᠠ᠃

    ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ᠂ ᠵᠢᠩᠬᠢᠨᠢ ᠠᠩᠭᠢ᠂ ᠠᠰᠫᠢᠷᠠᠨᠲ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠣᠷᠣᠯᠴᠠᠭᠰᠠᠨ ᠨᠡᠶᠢᠭᠡᠮ ᠤᠨ ᠦᠢᠯᠡᠳᠦᠯᠭᠡ ᠶᠢᠨ ᠥᠩᠭᠡᠷᠡᠯᠲᠡ ᠶᠢ ᠦᠨᠳᠦᠰᠦᠨ ᠱᠠᠲᠤᠨ ᠳᠤ ᠠᠵᠢᠯᠯᠠᠭᠰᠠᠨ ᠥᠩᠭᠡᠷᠡᠯᠲᠡ ᠪᠤᠶᠤ ᠬᠠᠮᠢᠶ᠎ᠠ ᠪᠥᠬᠦᠶ ᠠᠵᠢᠯ ᠤᠨ ᠥᠩᠭᠡᠷᠡᠯᠲᠡ ᠪᠠᠷ ᠦᠵᠡᠵᠦ ᠥᠬᠡᠶ᠃

ᠦᠨᠳᠦᠰᠦᠨ ᠱᠠᠲᠤᠨ ᠳᠤ ᠠᠵᠢᠯᠯᠠᠭᠰᠠᠨ ᠥᠩᠭᠡᠷᠡᠯᠲᠡ ᠪᠤᠶᠤ ᠬᠠᠮᠢᠶ᠎ᠠ ᠪᠥᠬᠦᠶ ᠠᠵᠢᠯ ᠤᠨ ᠥᠩᠭᠡᠷᠡᠯᠲᠡ ᠶᠢᠨ ᠡᠬᠢᠯᠡᠭᠰᠡᠨ ᠴᠠᠭ ᠢ ᠵᠠᠭᠠᠭᠯᠠᠨ ᠲᠣᠭᠲᠠᠭᠠᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠠᠯᠪᠠᠲᠠᠨ ᠰᠢᠯᠭᠠᠨ ᠡᠯᠰᠡᠬᠦ ᠳᠤᠮᠳᠠᠬᠢ ᠦᠨᠳᠦᠰᠦᠨ ᠱᠠᠲᠤᠨ ᠤ ᠠᠵᠢᠯ ᠤᠨ ᠥᠩᠭᠡᠷᠡᠯᠲᠡ ᠶᠢᠨ ᠡᠬᠢᠯᠡᠭᠰᠡᠨ ᠴᠠᠭ ᠢ ᠵᠠᠭᠠᠭᠯᠠᠨ ᠲᠣᠭᠲᠠᠭᠠᠬᠤ ᠲᠤᠬᠠᠶ ᠰᠠᠨᠠᠯ︾ ︵ᠬᠥᠮᠦᠨ ᠨᠡᠶᠢᠭᠡᠮ ᠲᠢᠩᠬᠢᠮ ᠲᠠᠷᠬᠠᠭᠠᠭᠰᠠᠨ ﹇2010﹈ 59 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃

    ︵ᠭᠤᠷᠪᠠ︶ ︽ᠲᠥᠷᠥᠯ ᠵᠦᠢᠯ ᠤᠨ ᠠᠵᠢᠯᠲᠠᠨ︾ ᠢ ᠬᠠᠨᠳᠤᠯᠭ᠎ᠠ ᠲᠠᠢ ᠪᠠᠷ ᠡᠯᠰᠡᠬᠦ ᠠᠵᠢᠯ ᠤᠨ ᠪᠠᠶᠢᠷᠢ ᠳᠤ ᠰᠢᠯᠭᠠᠭᠤᠯᠤᠭᠰᠠᠳ ᠨᠢ ᠡᠷᠬᠡᠪᠰᠢ 2024 ᠣᠨ ᠤ 7 ᠳ᠋ᠤᠭᠠᠷ ᠰᠠᠷ᠎ᠠ ᠶᠢᠨ 20 ᠤ ᠡᠳᠦᠷ ︵ᠪᠠᠭᠲᠠᠬᠤ ᠥᠬᠡᠶ︶ ᠠᠴᠠ ᠡᠮᠦᠨ᠎ᠡ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠪᠥᠭᠡᠳ ᠬᠢᠨᠠᠨ ᠰᠢᠯᠭᠠᠭᠠᠳ ᠬᠢᠷᠢ ᠲᠡᠩᠴᠡᠭᠰᠡᠨ ︽ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ︾ ᠪᠤᠶᠤ 2024 ᠣᠨ ᠤ 7 ᠳ᠋ᠤᠭᠠᠷ ᠰᠠᠷ᠎ᠠ ᠶᠢᠨ 20 ᠤ ᠡᠳᠦᠷ ︵ᠪᠠᠭᠲᠠᠬᠤ ᠥᠬᠡᠶ︶ ᠠᠴᠠ ᠡᠮᠦᠨ᠎ᠡ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ ᠪᠠᠶᠢᠬᠤ ᠬᠡᠷᠡᠭᠲᠡᠢ᠃ ᠶᠡᠭᠡ ᠰᠤᠷᠭᠠᠭᠤᠯᠢ ᠶᠢᠨ ᠬᠤᠭᠤᠴᠠᠭᠠᠨ ᠳᠤ ᠴᠡᠷᠢᠭ ᠲᠤ ᠤᠷᠤᠭᠰᠠᠨ ᠪᠣᠯ ᠲᠡᠭᠦᠰᠬᠦ ᠦᠨᠡᠮᠯᠡᠯ ᠣᠯᠤᠭᠰᠠᠨ ᠴᠠᠭ ᠠᠴᠠ ᠡᠬᠢᠯᠡᠵᠦ ᠪᠤᠳᠤᠨ᠎ᠠ︔ ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ ᠴᠡᠷᠢᠭ ᠲᠤ ᠤᠷᠤᠭᠰᠠᠨ ᠪᠣᠯ ᠴᠡᠷᠢᠭ ᠤᠨ ᠠᠯᠪᠠ ᠠᠴᠠ ᠬᠠᠯᠠᠭᠳᠠᠭᠰᠠᠨ ᠴᠠᠭ ᠠᠴᠠ ᠡᠬᠢᠯᠡᠵᠦ ᠪᠣᠳᠣᠨ᠎ᠠ᠃

    ︵ᠳᠥᠷᠪᠡ︶ 2024 ᠣᠨ ᠤ ᠶᠡᠭᠡ ᠳᠡᠭᠡᠳᠦ ᠰᠤᠷᠭᠠᠭᠤᠯᠢ ᠶᠢᠨ ᠲᠣᠰ ᠵᠢᠯ ᠳᠤ ᠲᠡᠭᠦᠰᠬᠦ ᠰᠣᠷᠣᠭᠴᠢ ᠶᠢᠨ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠢ ᠣᠯᠣᠭᠰᠠᠨ ᠴᠠᠭ ᠨᠢ 2024 ᠣᠨ ᠤ 7 ᠳ᠋ᠤᠭᠠᠷ ᠰᠠᠷ᠎ᠠ ᠪᠣᠯᠲᠠᠯ᠎ᠠ᠂ ᠪᠤᠰᠤᠳ ᠨᠥᠬᠦᠴᠡᠯ ︵ᠠᠵᠢᠯ ᠤᠨ ᠪᠠᠶᠢᠷᠢ ᠶᠢᠨ ᠬᠦᠰᠦᠨᠦᠭᠲᠦ ᠳᠠᠬᠢ ᠡᠯ᠎ᠡ ᠵᠦᠢᠯ ᠤᠨ ᠨᠥᠬᠦᠴᠡᠯ ᠢ ᠪᠠᠭᠲᠠᠭᠠᠨ᠎ᠠ︶ ᠢ ᠣᠯᠣᠭᠰᠠᠨ ᠴᠠᠭ ᠨᠢ 2024 ᠣᠨ ᠤ 7 ᠳ᠋ᠤᠭᠠᠷ ᠰᠠᠷ᠎ᠠ ᠶᠢᠨ 20 ᠤ ᠡᠳᠦᠷ ︵ᠪᠠᠭᠲᠠᠬᠤ ᠦᠭᠡᠢ︶ ᠠᠴᠠ ᠡᠮᠦᠨ᠎ᠡ᠃

    ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠡᠰᠡᠭ ᠠᠵᠢᠯ ᠤᠨ ᠪᠠᠶᠢᠷᠢ ᠳᠤ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ︾ ᠢ ᠬᠠᠨᠳᠤᠯᠭ᠎ᠠ ᠲᠠᠢ ᠪᠠᠷ ᠡᠯᠰᠡᠵᠦ᠂ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ︽ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ︾ ᠪᠠ ︽ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ︾ ︵ᠳᠣᠷᠣᠭᠰᠢ ︽ᠲᠥᠷᠥᠯ ᠵᠦᠢᠯ ᠤᠨ ᠠᠵᠢᠯᠲᠠᠨ︾ ᠭᠡᠵᠦ ᠶᠡᠷᠦᠩᠬᠡᠶᠢᠯᠡᠨ ᠨᠡᠷᠡᠶᠢᠳᠴᠦ᠂ ᠨᠠᠭᠠᠲᠤ ᠵᠠᠬ᠎ᠠ ᠳᠤ ᠪᠠᠨ 2 ᠵᠢᠯ ᠦᠢᠯᠡᠴᠢᠯᠡᠭᠰᠡᠨ ᠪᠤᠶᠤ ᠠᠯᠪᠠ ᠬᠠᠭᠠᠭᠰᠠᠨ᠃︶

    1. ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ︾ ᠭᠡᠳᠡᠭ ᠨᠢ ᠲᠤᠰ ᠵᠢᠯ ᠤᠨ ᠲᠡᠭᠦᠰᠦᠭᠰᠡᠳ ᠪᠣᠯᠤᠨ ᠠᠵᠢᠯ ᠰᠣᠩᠭᠤᠬᠤ ᠬᠤᠭᠤᠴᠠᠭᠠᠨ ᠳᠤ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠢ ᠵᠢᠭᠠᠵᠤ ᠪᠤᠶ᠃ ᠡᠭᠦᠨ ᠳᠤ᠄ ︵1︶ ᠤᠯᠤᠰ ᠠᠴᠠ ᠨᠢᠭᠡᠳᠦᠯᠲᠡᠶ ᠡᠯᠰᠡᠭᠰᠡᠨ ᠰᠣᠷᠣᠭᠴᠢ ︵ᠪᠡᠶ᠎ᠡ ᠪᠠᠨ ᠳᠠᠭᠠᠭᠠᠵᠤ ᠡᠯᠰᠡᠭᠰᠡᠨ ᠰᠣᠷᠣᠭᠴᠢ ᠪᠠ ᠪᠠᠲᠤᠯᠠᠨ ᠬᠦᠷᠭᠡᠭᠰᠡᠨ ᠢ ᠪᠠᠭᠲᠠᠨ᠎ᠠ︶ ᠠᠵᠢᠯ ᠰᠣᠩᠭᠤᠬᠤ ᠬᠤᠭᠤᠴᠠᠭᠠᠨ ᠳᠣᠲᠣᠷ᠎ᠠ ︵2022 ᠣᠨ ᠂ 2023 ᠣᠨ ᠪᠠᠭᠲᠠᠨ᠎ᠠ︶ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠦᠭᠡᠢ ᠮᠥᠷᠲᠡᠭᠡᠨ ᠡᠷᠦᠬᠡ ᠠᠮᠠ᠂ ᠲᠠᠩᠰᠠ ᠡᠪᠬᠡᠮᠡᠯ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠪᠠᠨ ᠮᠥᠨ ᠬᠦ ᠤᠤᠯ ᠤᠨ ᠲᠡᠭᠦᠰᠬᠦ ᠰᠤᠷᠭᠠᠭᠤᠯᠢ ᠳᠤ ᠪᠠᠨ ᠦᠯᠡᠳᠡᠭᠡᠭᠰᠡᠨ᠂ ᠡᠰᠡᠬᠦᠯ᠎ᠡ ᠡᠯ᠎ᠡ ᠱᠠᠲᠤᠨ ᠤ ᠲᠡᠭᠦᠰᠦᠭᠰᠡᠳ ᠤᠨ ᠠᠵᠢᠯ ᠣᠯᠭᠤᠯᠲᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ︵ᠲᠡᠭᠦᠰᠦᠭᠰᠡᠳ ᠤᠨ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡᠨ ᠤ ᠲᠥᠪ︶ ᠂ ᠡᠯ᠎ᠡ ᠱᠠᠲᠤᠨ ᠤ ᠴᠢᠳᠠᠪᠤᠷᠢᠲᠠᠨ ᠤ ᠰᠣᠯᠢᠯᠴᠠᠭᠠᠨ ᠤ ᠪᠠᠶᠢᠭᠤᠯᠤᠮᠵᠢ ᠪᠠ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠦᠯᠡᠳᠡᠭᠡᠭᠰᠡᠨ ᠲᠡᠭᠦᠰᠦᠭᠰᠡᠳ ᠨᠢ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠶ ᠡᠯᠰᠡᠬᠦ ᠠᠵᠢᠯ ᠤᠨ ᠪᠠᠶᠢᠷᠢ ᠶᠢ ᠰᠢᠯᠭᠠᠭᠤᠯᠵᠤ ᠪᠣᠯᠤᠨ᠎ᠠ᠃ ︵2︶ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠯᠤᠰ ︵ᠬᠢᠯᠢ︶ ᠤᠨ ᠭᠠᠳᠠᠨᠠᠬᠢ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠤᠯᠬᠤ ᠶᠢᠨ ᠬᠠᠮᠲᠤ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠢ ᠪᠡᠶᠡᠯᠡᠭᠦᠯᠦᠭᠰᠡᠨ ᠪᠥᠭᠡᠳ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠠᠳᠤᠶ ᠭᠠᠳᠠᠭᠠᠳᠤ ᠳᠤ ᠰᠤᠷᠤᠯᠴᠠᠵᠤ ᠤᠯᠤᠰ ᠲᠠᠭᠠᠨ ᠪᠤᠴᠠᠭᠰᠠᠳ ᠨᠢ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠶ ᠡᠯᠰᠡᠬᠦ ᠠᠵᠢᠯ ᠤᠨ ᠪᠠᠶᠢᠷᠢ ᠳᠤ ᠰᠢᠯᠭᠠᠭᠤᠯᠵᠤ ᠪᠣᠯᠤᠨ᠎ᠠ᠃ ︵3︶ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠳᠤ ᠣᠷᠣᠯᠴᠠᠬᠤ ᠠᠴᠠ ᠡᠮᠦᠨ᠎ᠡ ᠠᠵᠢᠯᠯᠠᠭᠰᠠᠨ ᠦᠩᠭᠡᠷᠡᠯᠳᠡ ᠦᠭᠡᠢ ᠬᠦᠮᠦᠰ᠂ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ 2 ᠵᠢᠯ ᠤᠨ ᠳᠣᠲᠣᠷ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠢ ᠡᠯᠰᠡᠬᠦ ᠠᠵᠢᠯ ᠤᠨ ᠪᠠᠶᠢᠷᠢ ᠳᠤ ᠰᠢᠯᠭᠠᠭᠤᠯᠵᠤ ᠪᠣᠯᠣᠨ᠎ᠠ᠃

    2. ︽ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ︾ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠲᠦᠷᠦᠭᠦᠯᠡᠵᠦ ᠵᠣᠬᠢᠶᠠᠨ ᠪᠠᠶᠢᠭᠤᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠠᠵᠢᠯᠲᠠᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ᠂ ᠳᠤᠮᠳᠠ ᠪᠠᠭ᠎ᠠ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠬᠠᠨᠳᠤᠭᠤᠯᠤᠨ ᠰᠣᠩᠭᠤᠵᠤ ᠨᠥᠭᠡᠴᠡᠯᠡᠬᠦ ᠳᠡᠭᠡᠳᠦ ᠰᠤᠷᠭᠠᠭᠤᠯᠢ ᠲᠡᠭᠦᠰᠦᠭᠰᠡᠳ ᠲᠥᠯᠥᠪᠯᠡᠭᠡ ᠶᠢᠨ ᠠᠵᠢᠯᠲᠠᠨ ᠢ ᠵᠢᠭᠠᠵᠤ ᠪᠤᠶ᠃  ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠨ ᠵᠣᠬᠢᠶᠠᠨ ᠪᠠᠶᠢᠭᠤᠯᠤᠭᠰᠠᠨ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠪᠠᠭᠰᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠠᠵᠢᠯᠲᠠᠨ︔ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠣᠶᠤᠲᠠᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠠᠵᠢᠯᠲᠠᠨ᠃ 

︽ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ︾ ᠭᠡᠳᠡᠭ ᠪᠣᠯ ᠤᠯᠤᠰ ᠠᠴᠠ ᠨᠢᠭᠡᠳᠦᠯᠲᠡᠶ ᠡᠯᠰᠡᠭᠰᠡᠨ ︵ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠪᠠ ᠪᠠᠲᠤᠯᠠᠨ ᠬᠦᠷᠭᠡᠭᠰᠡᠨ ᠢ ᠪᠠᠭᠲᠠᠨ᠎ᠠ︶ ᠡᠩ ᠤᠨ ᠶᠡᠭᠡ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠵᠢᠭᠠᠵᠤ ᠪᠤᠶ᠃

    ︵ᠵᠢᠷᠭᠤᠭ᠎ᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠯᠭᠠᠭᠤᠯᠵᠤ ᠪᠣᠯᠬᠤ ᠦᠭᠡᠢ᠄

    1. ᠰᠤᠷᠤᠯᠴᠠᠵᠤ ᠪᠠᠶᠢᠭ᠎ᠠ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠭᠴᠢ᠂ ᠠᠰᠫᠢᠷᠠᠨᠲ ︵2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠡᠭᠦᠰᠬᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰ ᠵᠢᠯ ᠤᠨ ᠲᠡᠭᠦᠰᠬᠦ ᠰᠤᠷᠤᠭᠴᠢ ᠪᠠᠭᠲᠠᠬᠤ ᠦᠭᠡᠢ︶︔

    2. ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠭ᠎ᠠ ᠪᠠ ᠨᠠᠭᠠᠲᠤ ᠵᠠᠬ᠎ᠠ ᠶᠢᠨ ᠦᠢᠯᠡᠴᠢᠯᠡᠬᠦ ᠬᠤᠭᠤᠴᠠᠭ᠎ᠠ ᠳᠤ ᠬᠥᠷᠥᠭᠡᠳᠦᠢ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ︔

    3. ᠶᠠᠯ᠎ᠠ ᠬᠢᠭᠰᠡᠨ ᠠᠴᠠ ᠪᠣᠯᠵᠣ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ ᠬᠥᠮᠦᠰ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠬᠥᠮᠦᠰ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ︔

    4. ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠬᠦ ᠳᠤᠮᠳᠠ ᠭᠡᠮ ᠦᠢᠯᠡᠳᠬᠦ ᠵᠡᠷᠭᠡ ᠡᠯᠰᠡᠨ ᠬᠡᠷᠡᠭᠯᠡᠬᠦ ︵ᠤᠷᠢᠵᠤ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ ᠨᠤᠲᠠᠯᠠᠭᠳᠠᠭᠰᠠᠨ ᠪᠥᠭᠡᠳ ᠰᠢᠯᠭᠠᠬᠤ ᠶᠢ ᠴᠠᠭᠠᠵᠠᠯᠠᠭᠰᠠᠨ ᠬᠤᠭᠤᠴᠠᠭᠠᠨ ᠳᠤ ᠪᠠᠶᠢᠭ᠎ᠠ ᠬᠥᠮᠦᠰ︔

    5. ᠠᠯᠪᠠᠨ ᠴᠡᠷᠢᠭ

    6. ᠡᠯᠰᠡᠬᠦ ᠳᠤ ᠣᠷᠣᠯᠴᠠᠭᠰᠠᠨ ᠤ ᠳᠠᠷᠠᠭ᠎ᠠ ᠳᠠᠷᠤᠶ ︽ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠵᠠᠶᠢᠯᠠᠭᠤᠯᠬᠤ ᠲᠣᠭᠲᠠᠭᠠᠯ︾ ᠳᠤ ᠵᠢᠭᠰᠠᠭᠠᠭᠰᠠᠨ ᠵᠠᠶᠢᠯᠠᠬᠤ ᠬᠠᠷᠢᠴᠠᠭ᠎ᠠ ᠶᠢ ᠪᠦᠷᠢᠯᠳᠦᠭᠦᠯᠬᠦ ᠠᠵᠢᠯ ᠤᠨ ᠪᠠᠶᠢᠷᠢ ᠶᠢᠨ ᠠᠵᠢᠯᠲᠠᠨ᠃

    7. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠡᠯᠰᠡᠵᠦ ᠪᠣᠯᠬᠤ ᠪᠤᠰᠤᠳ ᠪᠠᠶᠢᠳᠠᠯ ᠲᠠᠢ ᠬᠥᠮᠥᠰ︔

    ᠭᠤᠷᠪᠠ᠂ ᠡᠯᠰᠡᠬᠦ ᠳᠠᠷᠠᠭᠠᠯᠠᠯ

    ︵ᠨᠢᠭᠡ︶ ᠨᠡᠷ᠎ᠡ ᠮᠡᠳᠡᠭᠦᠯᠬᠦ ᠵᠢᠴᠢ ᠠᠩᠬᠠᠷᠬᠤ ᠵᠦᠢᠯ

    1. ᠨᠡᠷ᠎ᠡ ᠮᠡᠳᠡᠭᠦᠯᠬᠦ ᠶᠢ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠪᠠᠷ ᠶᠠᠪᠤᠭᠳᠠᠭᠤᠯᠵᠤ᠂ ᠨᠡᠷ᠎ᠡ ᠮᠡᠳᠡᠭᠦᠯᠬᠦ ᠰᠦᠯᠵᠢᠶ᠎ᠡ ᠨᠢ ᠥᠪᠥᠷ ᠮᠣᠩᠭᠤᠯ ᠤᠨ ᠤᠮᠠᠷᠠᠲᠤ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠦᠢᠯᠡᠴᠢᠯᠡᠭᠡᠨ ᠤ ᠲᠥᠪ ︵ᠰᠦᠯᠵᠢᠶᠡᠨ ᠤ ᠬᠠᠶ᠋ᠢᠭ www.bfrsks.com︶᠃

    ᠨᠢᠭᠡᠳᠦᠭᠡᠷ ᠱᠠᠲᠤ ᠦᠶ᠎ᠡ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠠᠵᠢᠯ ᠤᠨ ᠪᠠᠶᠢᠷᠢ ᠵᠢᠴᠢ ᠲᠥᠷᠥᠯ ᠵᠦᠢᠯ ᠤᠨ ᠠᠵᠢᠯᠲᠠᠨ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠴᠠᠭ ᠨᠢ 2024 ᠣᠨ ᠤ 7 ᠳ᠋ᠤᠭᠠᠷ ᠰᠠᠷ᠎ᠠ ᠶᠢᠨ 20 ᠤ ᠡᠳᠦᠷ ᠤᠨ 9᠄ 00 ᠠᠴᠠ 7 ᠳ᠋ᠤᠭᠠᠷ ᠰᠠᠷ᠎ᠠ ᠶᠢᠨ 21 ᠤ ᠡᠳᠦᠷ ᠤᠨ 17᠄ 00 ᠪᠣᠯᠲᠠᠯ᠎ᠠ᠂ ᠬᠢᠷᠢ ᠬᠡᠮ ᠤᠨ ᠠᠩᠬᠠᠨ ᠤ ᠬᠢᠨᠠᠯᠲᠠ ᠨᠢ 7 ᠳ᠋ᠤᠭᠠᠷ ᠰᠠᠷ᠎ᠠ ᠶᠢᠨ 21 ᠤ ᠡᠳᠦᠷ ᠤᠨ 20᠄ 00 ᠪᠣᠯᠲᠠᠯ᠎ᠠ᠂ ᠰᠦᠢᠳᠬᠡᠯ ᠲᠤᠰᠢᠶᠠᠬᠤ ᠴᠠᠭ ᠨᠢ 7 ᠳ᠋ᠤᠭᠠᠷ ᠰᠠᠷ᠎ᠠ ᠶᠢᠨ 22 ᠤᠨ ᠡᠳᠦᠷ ᠤᠨ 12᠄ 00 ᠪᠣᠯᠲᠠᠯ᠎ᠠ᠃

    ᠨᠢᠭᠡᠳᠦᠭᠡᠷ ᠱᠠᠲᠤ ᠦᠶ᠎ᠡ᠄ ᠨᠡᠷ᠎ᠡ ᠮᠡᠳᠡᠭᠦᠯᠵᠦ ᠰᠦᠢᠳᠬᠡᠯ ᠲᠤᠰᠢᠶᠠᠬᠤ ᠠᠵᠢᠯ ᠳᠠᠭᠤᠰᠤᠭᠰᠠᠨ ᠤ ᠳᠠᠷᠠᠭ᠎ᠠ᠂ ᠰᠦᠢᠳᠬᠡᠯ ᠲᠤᠰᠢᠶᠠᠭᠰᠠᠨ ᠬᠥᠮᠥᠨ ᠤ ᠲᠤᠭ᠎ᠠ ᠨᠢ ᠰᠢᠯᠭᠠᠯᠲᠠ ᠡᠬᠢᠯᠡᠭᠦᠯᠬᠦ ᠬᠠᠷᠢᠴᠠᠯ ᠳᠤ ᠬᠦᠷᠦᠭᠰᠡᠨ ᠦᠭᠡᠢ ᠠᠵᠢᠯ ᠤᠨ ᠪᠠᠶᠢᠷᠢ ᠶᠢᠨ ᠰᠢᠯᠭᠠᠯᠲᠠ ᠶᠢ ᠬᠦᠴᠦᠨ ᠦᠭᠡᠢ ᠪᠣᠯᠭᠠᠨ᠎ᠠ᠃ ᠠᠵᠢᠯ ᠤᠨ ᠪᠠᠶᠢᠷᠢ ᠶᠢᠨ ᠰᠢᠯᠭᠠᠯᠲᠠ ᠶᠢ ᠬᠦᠴᠦᠨ ᠦᠭᠡᠢ ᠪᠣᠯᠭᠠᠭᠰᠠᠨ ᠬᠥᠮᠥᠰ ᠨᠢ 2024 ᠣᠨ ᠤ 7 ᠳ᠋ᠤᠭᠠᠷ ᠰᠠᠷ᠎ᠠ ᠶᠢᠨ 23 ᠤ ᠡᠳᠦᠷ ᠠᠴᠠ ᠰᠡᠭᠦᠯᠡᠷ ᠬᠠᠯᠠᠭᠰᠠᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠪᠤᠶᠤ ᠨᠡᠷ᠎ᠡ ᠮᠡᠳᠡᠭᠦᠯᠬᠦ ᠪᠠᠨ ᠪᠣᠯᠢᠵᠤ ᠪᠣᠯᠣᠨ᠎ᠠ᠃ ᠰᠢᠯᠭᠠᠯᠲᠠ ᠡᠬᠢᠯᠡᠭᠦᠯᠬᠦ ᠦᠭᠡᠢ ᠠᠵᠢᠯ ᠤᠨ ᠪᠠᠶᠢᠷᠢ ᠶᠢ ᠡᠩ ᠤᠨ ᠠᠵᠢᠯ ᠤᠨ ᠪᠠᠶᠢᠷᠢ ᠳᠤ ᠰᠢᠯᠵᠢᠭᠦᠯᠵᠦ ᠳᠠᠬᠢᠨ ᠨᠡᠷ᠎ᠡ ᠮᠡᠳᠡᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠤᠨ ᠪᠠᠶᠢᠷᠢ ᠶᠢ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ ᠨᠡᠷ᠎ᠡ ᠮᠡᠳᠡᠭᠦᠯᠬᠦ ᠰᠦᠯᠵᠢᠶᠡᠨ ᠳᠤ ᠨᠡᠶᠢᠲᠡᠯᠡᠨ᠎ᠡ᠃ ᠠᠵᠢᠯᠲᠠᠨ ᠡᠯᠰᠡᠬᠦ ᠨᠢᠭᠡᠴᠢ ᠨᠢ ᠠᠵᠢᠯ ᠤᠨ ᠪᠠᠶᠢᠷᠢ ᠪᠠᠨ ᠥᠭᠡᠷᠡᠴᠢᠯᠡᠨ ᠮᠡᠳᠡᠭᠦᠯᠦᠭᠰᠡᠨ ᠰᠢᠯᠭᠠᠭᠤᠯᠤᠭᠴᠢ ᠶᠢᠨ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠥᠭᠡᠷᠡᠴᠢᠯᠡᠨ ᠮᠡᠳᠡᠭᠦᠯᠬᠦ ᠠᠴᠠ ᠪᠣᠯᠵᠣ ᠨᠥᠬᠦᠴᠡᠯ ᠳᠤ ᠨᠡᠶᠢᠴᠡᠬᠦ ᠥᠬᠡᠶ ᠪᠤᠶᠤ ᠨᠡᠷ᠎ᠡ ᠮᠡᠳᠡᠭᠦᠯᠬᠦ ᠪᠠᠨ ᠪᠣᠯᠢᠭᠰᠠᠨ ᠰᠢᠯᠭᠠᠭᠤᠯᠤᠭᠰᠠᠳ ᠤᠨ ᠰᠦᠢᠳᠬᠡᠯ ᠢ ᠪᠤᠴᠠᠭᠠᠬᠤ ᠬᠡᠷᠡᠭᠲᠡᠶ᠃

    ᠬᠤᠶᠠᠳᠤᠭᠠᠷ ᠱᠠᠲᠤ ᠦᠶ᠎ᠡ᠄ ᠡᠩ ᠤᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠴᠠᠭ ᠨᠢ 2024 ᠣᠨ ᠤ 7 ᠳ᠋ᠤᠭᠠᠷ ᠰᠠᠷ᠎ᠠ ᠶᠢᠨ 23 ᠤ ᠡᠳᠦᠷ ᠤᠨ 9᠄ 00 ᠠᠴᠠ 7 ᠳ᠋ᠤᠭᠠᠷ ᠰᠠᠷ᠎ᠠ ᠶᠢᠨ 27 ᠤ ᠡᠳᠦᠷ 17᠄ 00 ᠪᠣᠯᠲᠠᠯ᠎ᠠ᠂ ᠬᠢᠷᠢ ᠬᠡᠮ ᠤᠨ ᠠᠩᠬᠠᠨ ᠤ ᠬᠢᠨᠠᠯᠲᠠ ᠶᠢᠨ ᠴᠠᠭ ᠨᠢ 7 ᠳ᠋ᠤᠭᠠᠷ ᠰᠠᠷ᠎ᠠ ᠶᠢᠨ 27 ᠤ ᠡᠳᠦᠷ ᠤᠨ 20᠄ 00 ᠪᠣᠯᠲᠠᠯ᠎ᠠ᠂ ᠰᠦᠢᠳᠬᠡᠯ ᠲᠤᠰᠢᠶᠠᠬᠤ ᠴᠠᠭ ᠨᠢ 2024 ᠣᠨ ᠤ 7 ᠳ᠋ᠤᠭᠠᠷ ᠰᠠᠷ᠎ᠠ ᠶᠢᠨ 28 ᠤ ᠡᠳᠦᠷ ᠤᠨ 12᠄ 00 ᠪᠣᠯᠲᠠᠯ᠎ᠠ᠃

    ᠬᠤᠶᠠᠳᠤᠭᠠᠷ ᠱᠠᠲᠤᠨ ᠤ ᠨᠡᠷ᠎ᠡ ᠮᠡᠳᠡᠭᠦᠯᠵᠦ ᠰᠦᠢᠳᠬᠡᠯ ᠲᠤᠰᠢᠶᠠᠬᠤ ᠠᠵᠢᠯ ᠳᠠᠭᠤᠰᠤᠭᠰᠠᠨ ᠤ ᠳᠠᠷᠠᠭ᠎ᠠ᠂ ᠰᠦᠢᠳᠬᠡᠯ ᠲᠤᠰᠢᠶᠠᠭᠰᠠᠨ ᠬᠥᠮᠥᠨ ᠤ ᠲᠤᠭ᠎ᠠ ᠮᠥᠨ ᠯᠡ ᠰᠢᠯᠭᠠᠯᠲᠠ ᠡᠬᠢᠯᠡᠬᠦ ᠬᠠᠷᠢᠴᠠᠯ ᠳᠤ ᠬᠦᠷᠴᠦ ᠳᠡᠶᠢᠯᠦᠭᠰᠡᠨ ᠦᠭᠡᠢ ᠠᠵᠢᠯ ᠤᠨ ᠪᠠᠶᠢᠷᠢ ᠶᠢᠨ ᠰᠢᠯᠭᠠᠯᠲᠠ ᠶᠢ ᠬᠦᠴᠦᠨ ᠦᠭᠡᠢ ᠪᠣᠯᠭᠠᠨ᠎ᠠ᠃ ᠰᠢᠯᠭᠠᠯᠲᠠ ᠶᠢ ᠬᠦᠴᠦᠨ ᠦᠭᠡᠢ ᠪᠣᠯᠭᠠᠭᠰᠠᠨ ᠠᠵᠢᠯ ᠤᠨ ᠪᠠᠶᠢᠷᠢ ᠶᠢ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ ᠨᠡᠷ᠎ᠡ ᠮᠡᠳᠡᠭᠦᠯᠬᠦ ᠰᠦᠯᠵᠢᠶᠡᠨ ᠳᠤ ᠨᠡᠶᠢᠲᠡᠯᠡᠨ᠎ᠡ᠃ ᠰᠢᠯᠭᠠᠯᠲᠠ ᠶᠢ ᠬᠦᠴᠦᠨ ᠦᠭᠡᠶ ᠪᠣᠯᠭᠠᠭᠰᠠᠨ ᠠᠵᠢᠯ ᠤᠨ ᠪᠠᠶᠢᠷᠢ ᠳᠤ ᠰᠢᠯᠭᠠᠭᠤᠯᠤᠭᠰᠠᠳ ᠤᠨ ᠰᠦᠢᠳᠬᠡᠯ ᠢ ᠪᠤᠴᠠᠭᠠᠬᠤ ᠬᠡᠷᠡᠭᠲᠡᠶ᠃

    2. ᠰᠢᠯᠭᠠᠭᠤᠯᠤᠭᠰᠠᠳ ᠨᠢᠭᠡᠪᠦᠷᠢ ᠵᠥᠪᠬᠡᠨ ᠨᠢᠭᠡ ᠠᠵᠢᠯ ᠤᠨ ᠪᠠᠶᠢᠷᠢ ᠶᠢ ᠰᠣᠩᠭᠤᠨ ᠮᠡᠳᠡᠭᠦᠯᠵᠦ ᠪᠣᠯᠤᠨ᠎ᠠ᠃ ᠰᠢᠯᠭᠠᠭᠤᠯᠤᠭᠰᠠᠳ ︽ᠠᠯᠪᠠᠨ ᠵᠠᠷ︾ ᠪᠣᠯᠤᠨ ︽ᠠᠵᠢᠯ ᠤᠨ ᠪᠠᠶᠢᠷᠢ ᠶᠢᠨ ᠬᠦᠰᠦᠨᠦᠭᠲᠦ︾ ᠳᠠᠬᠢ ᠬᠤᠯᠪᠣᠭᠳᠠᠯ ᠪᠦᠬᠦᠢ ᠡᠯᠰᠡᠬᠦ ᠱᠠᠭᠠᠷᠳᠠᠯᠭ᠎ᠠ ᠪᠣᠯᠤᠨ ᠬᠢᠷᠢ ᠭᠡᠮ ᠤᠨ ᠨᠥᠬᠦᠴᠡᠯ ᠢ ᠬᠢᠨᠠᠮᠠᠭᠠᠶ ᠤᠩᠰᠢᠵᠤ᠂ ᠬᠤᠪᠢ ᠬᠥᠮᠦᠨ ᠤ ᠪᠠᠶᠢᠳᠠᠯ ᠲᠠᠢ ᠬᠠᠷᠭᠤᠭᠤᠯᠤᠨ ᠨᠥᠬᠦᠴᠡᠯ ᠳᠤ ᠨᠡᠶᠢᠴᠡᠬᠦ ᠠᠵᠢᠯ ᠤᠨ ᠪᠠᠶᠢᠷᠢ ᠶᠢ ᠬᠢᠨᠠᠮᠠᠭᠠᠶ ᠰᠣᠩᠭᠤᠬᠤ ᠬᠡᠷᠡᠭᠲᠡᠶ᠃

    3. ᠨᠡᠷ᠎ᠡ ᠮᠠᠲᠠᠭᠦᠯᠭᠦ ᠳᠤ ᠰᠢᠯᠭᠠᠭᠤᠯᠤᠭᠰᠠᠳ ᠣᠷᠢᠲᠠᠪᠡᠷ ᠨᠡᠷ᠎ᠡ ᠮᠠᠲᠠᠭᠦᠯᠭᠦ ᠰᠦᠯᠵᠢᠶᠠᠨ ᠲᠠᠭᠡᠷ᠎ᠠ ︽ᠰᠢᠯᠭᠠᠭᠤᠯᠤᠭᠰᠠᠳ ᠤᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠣᠵᠤ᠂ ᠳᠠᠷᠠᠭ᠎ᠠ ᠨᠢ ᠱᠠᠭᠠᠷᠲᠠᠯᠭ᠎ᠠ ᠶᠣᠰᠣᠭᠠᠷ ︽ᠨᠠᠷ᠎ᠠ ᠮᠡᠳᠡᠭᠦᠯᠬᠦ ᠳᠠᠩᠰᠠᠯᠠᠯ ᠤᠨ ᠬᠦᠰᠦᠨᠦᠭᠲᠤ︾ ᠶᠢᠨ ᠮᠡᠳᠡᠭᠡ ᠵᠠᠩᠭᠢ ᠶᠢ ᠲᠠᠭᠯᠠᠬᠤ ᠶᠢᠨ ᠬᠠᠮᠲᠤ ᠳᠣᠰ ᠬᠥᠮᠥᠨ ᠤ ᠣᠢᠢᠷ᠎ᠠ ᠶᠢᠨ ᠵᠥᠪ ᠲᠠᠯ᠎ᠠ ᠶᠢᠨ ᠮᠠᠯᠠᠭᠠᠢ ᠦᠭᠡᠢ 2 ᠢᠮᠠᠬᠤ ᠲᠣᠭᠠᠴᠢᠯᠠᠭᠰᠠᠨ ᠪᠤᠳᠤᠭᠲᠤ ᠭᠡᠷᠡᠯ ᠵᠢᠷᠤᠭ ︵ jpg ᠬᠡᠯᠪᠡᠷᠢ᠂ ᠶᠡᠭᠡ ᠪᠠᠭ᠎ᠠ ᠨᠢ 20KB ᠠᠴᠠ ᠪᠠᠭ᠎ᠠ︶ ᠶᠢ ᠳᠠᠮᠵᠢᠭᠤᠯᠤᠨ᠎ᠠ᠃

    4. ᠰᠢᠯᠭᠠᠭᠤᠯᠤᠭᠰᠠᠳ ᠲᠣᠪᠴᠢ ᠨᠠᠮᠲᠠᠷ ᠢᠶᠠᠨ ᠲᠠᠭᠯᠠᠬᠤ ᠳᠤ᠂ ᠡᠷᠬᠡᠪᠰᠢ ᠲᠤᠰᠬᠠᠶ ᠮᠡᠷᠭᠡᠵᠢᠯ ︵ᠵᠢᠩᠬᠢᠨᠢ ᠠᠩᠭᠢ︶ ᠠᠴᠠ ᠲᠡᠭᠦᠰᠦᠭᠰᠡᠨ ᠠᠴᠠ ᠣᠲᠣ ᠪᠣᠯᠲᠠᠯᠠᠬᠢ ᠪᠣᠶ ᠪᠥᠬᠦᠶ ᠥᠩᠭᠡᠷᠡᠯᠲᠡ ᠪᠠᠨ ᠪᠦᠷᠢᠨ ᠪᠦᠲᠦᠨ ᠲᠠᠭᠯᠠᠵᠤ᠂ ᠴᠠᠭ ᠬᠤᠭᠤᠴᠠᠭ᠎ᠠ ᠨᠢ ᠲᠠᠰᠤᠯᠳᠠᠬᠤ ᠪᠤᠶᠤ ᠬᠤᠭᠤᠰᠤᠨ ᠪᠠᠶᠢᠵᠤ ᠪᠣᠯᠬᠤ ᠥᠬᠡᠶ᠂ ᠱᠠᠭᠠᠷᠳᠠᠯᠭ᠎ᠠ ᠶᠣᠰᠣᠭᠠᠷ ᠲᠠᠭᠯᠠᠬᠤ ᠥᠬᠡᠶ ᠪᠤᠶᠤ ᠴᠠᠭ ᠨᠢ ᠲᠠᠰᠤᠯᠳᠠᠭᠰᠠᠨ ᠪᠠᠶᠢᠪᠠᠯ ᠬᠢᠨᠠᠨ ᠬᠠᠷᠭᠤᠭᠤᠯᠵᠤ ᠪᠠᠲᠤᠯᠠᠬᠤ ᠥᠬᠡᠶ᠃

    ᠰᠤᠷᠤᠯᠴᠠᠭᠰᠠᠨ ᠥᠩᠭᠡᠷᠡᠯᠲᠡ᠄ ᠰᠤᠷᠭᠠᠭᠤᠯᠢ ︵ᠲᠤᠰᠬᠠᠶ ᠮᠡᠷᠭᠡᠵᠢᠯ ᠤᠨ ᠠᠩᠭᠢ᠂ ᠵᠢᠩᠬᠢᠨᠢ ᠠᠩᠭᠢ ᠪᠠ ᠠᠰᠫᠢᠷᠠᠨᠲ︶  ᠳᠤ ᠪᠠᠶᠢᠭᠰᠠᠨ ᠡᠬᠢᠯᠡᠵᠦ ᠳᠠᠭᠤᠰᠤᠭᠰᠠᠨ ᠣᠨ ᠰᠠᠷ᠎ᠠ᠂ ᠰᠤᠷᠤᠯᠴᠠᠵᠤ ᠪᠠᠶᠢᠭᠰᠠᠨ ᠶᠡᠭᠡ ᠳᠡᠭᠡᠳᠦ ᠰᠤᠷᠭᠠᠭᠤᠯᠢ᠂ ᠳᠡᠭᠡᠳᠦ ᠰᠤᠷᠭᠠᠭᠤᠯᠢ ᠰᠠᠯᠪᠤᠷᠢ᠂ ᠲᠤᠰᠬᠠᠶ ᠮᠡᠷᠭᠡᠵᠢᠯ᠂ ᠡᠷᠳᠡᠮ ᠤᠨ ᠴᠣᠯᠠ ︵ᠬᠤᠶᠠᠳᠤᠭᠠᠷ ᠡᠷᠳᠡᠮ ᠤᠨ ᠴᠣᠯᠠ᠂ ᠬᠤᠶᠠᠷ ᠡᠷᠳᠡᠮ ᠤᠨ ᠴᠣᠯᠠ᠂ ᠬᠠᠪᠰᠤᠷᠭᠠᠨ ᠰᠣᠷᠣᠯᠴᠠᠭᠰᠠᠨ ᠡᠷᠳᠡᠮ ᠤᠨ ᠴᠣᠯᠠ ᠵᠢᠴᠢ ᠲᠤᠰᠬᠠᠶ ᠮᠡᠷᠭᠡᠵᠢᠯ ᠢ ᠪᠠᠭᠲᠠᠭᠠᠨ᠎ᠠ︶ ᠶᠢ ᠲᠠᠭᠯᠠᠨ᠎ᠠ᠃

    ᠠᠵᠢᠯ ᠤᠨ ᠲᠣᠪᠴᠢ ᠨᠠᠮᠲᠠᠷ᠄ ᠨᠡᠷ᠎ᠡ ᠮᠡᠳᠡᠭᠦᠯᠵᠦ ᠡᠬᠢᠯᠡᠭᠰᠡᠨ ᠡᠳᠦᠷ ᠪᠣᠯᠲᠠᠯᠠᠬᠢ ᠠᠵᠢᠯ ᠤᠨ ᠥᠩᠭᠡᠷᠡᠯᠲᠡ ᠪᠠᠨ ᠲᠠᠭᠯᠠᠵᠤ᠂ ᠠᠵᠢᠯᠯᠠᠵᠤ ᠡᠬᠢᠯᠡᠵᠦ ᠳᠠᠭᠤᠰᠤᠭᠰᠠᠨ ᠣᠨ ᠰᠠᠷ᠎ᠠ᠂ ᠠᠵᠢᠯᠯᠠᠭᠰᠠᠨ ᠪᠤᠶᠤ ᠦᠢᠯᠡᠴᠢᠯᠡᠭᠰᠡᠨ ᠨᠢᠭᠡᠴᠢ᠂ ᠬᠢᠭᠰᠡᠨ ᠠᠵᠢᠯ ᠢᠶᠠᠨ ᠲᠠᠭᠯᠠᠬᠤ ᠬᠡᠷᠡᠭᠲᠡᠢ᠃ ᠠᠵᠢᠯ ᠣᠯᠤᠭᠠᠳᠤᠶ ᠬᠤᠭᠤᠴᠠᠭᠠᠨ ᠳᠠᠬᠢ ᠥᠩᠭᠡᠷᠡᠯᠲᠡ ᠶᠢ ᠲᠠᠭᠯᠠᠵᠤ᠂ ᠡᠬᠢᠯᠡᠵᠦ ᠳᠠᠭᠤᠰᠤᠭᠰᠠᠨ ᠣᠨ ᠰᠠᠷ᠎ᠠ ᠪᠠᠨ ᠲᠠᠭᠯᠠᠬᠤ ᠶᠢᠨ ᠬᠠᠮᠲᠤ ︽ᠠᠵᠢᠯ ᠬᠦᠯᠢᠶᠡᠬᠦ︾ ᠭᠡᠵᠦ ᠲᠣᠳᠣᠷᠬᠠᠶᠢᠯᠠᠨ᠎ᠠ᠃ ᠠᠯᠪᠠᠲᠠᠨ ︵ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠦᠬᠦᠢ ᠠᠵᠢᠯᠲᠠᠨ ︶ ᠪᠤᠶᠤ ᠨᠢᠭᠡᠨᠲᠡ ᠠᠵᠢᠯ ᠦᠢᠯᠡᠰ ᠤᠨ ᠨᠢᠭᠡᠴᠢ ᠶᠢᠨ ᠣᠷᠣᠨ ᠲᠣᠭᠠᠨ ᠳᠤ ᠣᠷᠣᠭᠤᠯᠤᠨ ᠡᠯᠰᠡᠭᠰᠡᠨ ᠪᠣᠯ ︽ᠨᠢᠭᠡᠨᠲᠡ ᠲᠤᠷᠰᠢᠨ ᠬᠡᠷᠡᠭᠯᠡᠬᠦ ᠬᠤᠭᠤᠴᠠᠭ᠎ᠠ ᠪᠤᠶᠤ ᠨᠠᠭᠠᠲᠤ ᠵᠠᠬ᠎ᠠ ᠶᠢᠨ ᠦᠢᠯᠡᠴᠢᠯᠡᠭᠡᠨ ᠤ ᠵᠢᠯ ᠬᠤᠭᠤᠴᠠᠭ᠎ᠠ ᠥᠩᠭᠡᠷᠡᠭᠰᠡᠨ︾ ᠡᠰᠡᠬᠦ ᠶᠢ ᠲᠣᠳᠣᠷᠬᠠᠶᠢᠯᠠᠬᠤ ᠬᠡᠷᠡᠭᠲᠡᠢ᠃

    ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ︾ ᠲᠤ ᠬᠠᠨᠳᠤᠭᠤᠯᠤᠭᠰᠠᠨ ᠠᠵᠢᠯ ᠤᠨ ᠪᠠᠶᠢᠷᠢ ᠳᠤ ᠰᠢᠯᠭᠠᠭᠤᠯᠤᠭᠰᠠᠳ 2022 ᠣᠨ ᠪᠠ 2023 ᠣᠨ ᠤ ᠰᠢᠯᠭᠠᠭᠤᠯᠤᠭᠰᠠᠳ ᠡᠷᠦᠬᠡ ᠠᠮᠠ᠂ ᠲᠠᠩᠰᠠ ᠡᠪᠬᠡᠮᠡᠯ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠪᠠᠨ ᠦᠯᠡᠳᠡᠭᠡᠵᠦ ᠪᠠᠶᠢᠭ᠎ᠠ ᠨᠢᠭᠡᠴᠢ ᠪᠠᠨ ᠲᠠᠭᠯᠠᠬᠤ ᠴᠢᠬᠤᠯᠠ ᠲᠠᠢ᠃

    5. ᠠᠵᠢᠯ ᠤᠨ ᠪᠠᠶᠢᠷᠢ ᠶᠢᠨ ᠬᠦᠰᠦᠨᠦᠭᠲᠦ ᠳᠤ ᠱᠠᠭᠠᠷᠳᠠᠭᠰᠠᠨ ᠲᠤᠰᠬᠠᠶ ᠮᠡᠷᠭᠡᠵᠢᠯ ᠤᠨ ᠲᠥᠷᠥᠯ ᠢᠯᠭᠠᠯ ᠪᠤᠶᠤ ᠲᠤᠰᠬᠠᠶ ᠮᠡᠷᠭᠡᠵᠢᠯ ᠵᠡᠷᠭᠡ ᠶᠢ ᠭᠤᠤᠯᠳᠠᠭᠤ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠭᠠᠷᠴᠠᠭ ᠵᠡᠷᠭᠡ ᠪᠠᠷ ᠯᠠᠪᠯᠠᠯᠲᠠ ᠪᠣᠯᠭᠠᠵᠤ ᠳᠤᠷᠠᠳᠪᠠ᠃ ᠰᠢᠯᠭᠠᠭᠤᠯᠤᠭᠰᠠᠳ ᠨᠡᠷ᠎ᠡ ᠮᠡᠳᠡᠭᠦᠯᠬᠦ ᠳᠡᠭᠡᠨ ᠲᠤᠰ ᠬᠥᠮᠦᠨ ᠤ ᠰᠤᠷᠭᠠᠭᠤᠯᠢ ᠲᠡᠭᠦᠰᠦᠭᠰᠡᠨ ᠦᠨᠡᠮᠯᠡᠯ ᠳᠡᠭᠡᠷᠡᠬᠢ ᠲᠤᠰᠬᠠᠶ ᠮᠡᠷᠭᠡᠵᠢᠯ ᠤᠨ ᠨᠡᠷᠡᠶᠢᠳᠦᠯ ᠢᠶᠠᠨ ᠦᠨᠡᠨ ᠪᠣᠳᠠᠲᠠᠶ ᠪᠠᠷ ᠲᠠᠭᠯᠠᠬᠤ ᠬᠡᠷᠡᠭᠲᠡᠶ᠃ ᠬᠤᠶᠠᠳᠤᠭᠠᠷ ᠡᠷᠳᠡᠮ ᠤᠨ ᠴᠣᠯᠠ᠂ ᠬᠤᠶᠠᠷ ᠡᠷᠳᠡᠮ ᠤᠨ ᠴᠣᠯᠠ᠂ ᠬᠠᠪᠰᠤᠷᠭᠠᠨ ᠰᠣᠷᠣᠯᠴᠠᠭᠰᠠᠨ ᠡᠷᠳᠡᠮ ᠤᠨ ᠴᠣᠯᠠ ᠶᠢᠨ ᠲᠤᠰᠬᠠᠶ ᠮᠡᠷᠭᠡᠵᠢᠯ ᠲᠠᠢ ᠪᠣᠯ ᠬᠠᠮᠲᠤ ᠳᠤᠨᠢ ᠵᠣᠬᠢᠬᠤ ᠡᠷᠳᠡᠮ ᠤᠨ ᠴᠣᠯᠠ ᠶᠢᠨ ᠦᠨᠡᠮᠯᠡᠯ ᠳᠡᠭᠡᠷᠡᠬᠢ ᠲᠤᠰᠬᠠᠶ ᠮᠡᠷᠭᠡᠵᠢᠯ ᠤᠨ ᠨᠡᠷᠡᠶᠢᠳᠦᠯ ᠢ ᠦᠨᠡᠨ ᠪᠣᠳᠠᠲᠠᠶ ᠪᠠᠷ ᠲᠠᠭᠯᠠᠬᠤ ᠬᠡᠷᠡᠭᠲᠡᠶ᠃ ᠣᠳᠣ ᠶᠢᠨ ᠬᠡᠷᠡᠭᠵᠢᠭᠦᠯᠵᠦ ᠪᠠᠶᠢᠭ᠎ᠠ ᠲᠤᠰᠬᠠᠶ ᠮᠡᠷᠭᠡᠵᠢᠯ ᠤᠨ ᠭᠠᠷᠴᠠᠭ ᠲᠤ ᠪᠦᠷᠢᠮᠦᠰᠦᠨ ᠬᠠᠮᠤᠷᠴᠤ ᠳᠡᠶᠢᠯᠦᠭᠰᠡᠨ ᠦᠭᠡᠶ ᠵᠠᠷᠢᠮ ᠳᠡᠭᠡᠳᠦ ᠰᠤᠷᠭᠠᠭᠤᠯᠢ ᠶᠢᠨ ᠥᠪᠡᠷᠲᠡᠭᠡᠨ ᠪᠠᠶᠢᠭᠤᠯᠤᠭᠰᠠᠨ ᠲᠤᠰᠬᠠᠶ ᠮᠡᠷᠭᠡᠵᠢᠯ᠂ ᠰᠢᠨ᠎ᠡ ᠪᠠᠷ ᠪᠤᠶ ᠪᠣᠯᠤᠭᠰᠠᠨ ᠬᠢᠴᠢᠶᠡᠯ ᠲᠥᠷᠥᠯ᠂ ᠭᠠᠳᠠᠭᠠᠳᠤ ᠶᠢᠨ ᠰᠤᠷᠭᠠᠨ ᠬᠥᠮᠦᠵᠢᠯ ᠤᠨ ᠬᠢᠴᠢᠶᠡᠯ ᠲᠥᠷᠥᠯ ᠵᠡᠷᠭᠡ ᠶᠢ ᠴᠤ ᠦᠨᠡᠨ ᠪᠣᠳᠠᠲᠠᠶ ᠪᠠᠷ ᠲᠠᠭᠯᠠᠵᠤ᠂ ᠬᠢᠷᠢ ᠭᠡᠮ ᠢ ᠬᠢᠨᠠᠨ ᠪᠠᠶᠢᠴᠠᠭᠠᠬᠤ ᠠᠵᠢᠯᠲᠠᠨ ᠬᠢᠴᠢᠶᠡᠯ ᠤᠨ ᠬᠦᠰᠦᠨᠦᠭᠲᠦ᠂ ᠬᠢᠷᠢ ᠪᠦᠲᠦᠮᠵᠢ ᠶᠢᠨ ᠬᠠᠭᠤᠳᠠᠰᠤ ᠵᠡᠷᠭᠡ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠪᠠᠶᠢᠷᠢ ᠶᠢᠨ ᠲᠤᠰᠬᠠᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠠᠩᠬ᠎ᠠ ᠠᠯᠬᠤᠮ ᠮᠠᠭᠠᠳᠯᠠᠬᠤ ᠳᠤ ᠳᠥᠭᠦᠮ ᠦᠵᠡᠭᠦᠯᠦᠨ᠎ᠡ᠃ ᠰᠢᠯᠭᠠᠭᠤᠯᠤᠭᠰᠠᠳ ᠬᠠᠮᠢᠶ᠎ᠠ ᠪᠦᠬᠦᠢ ᠮᠠᠲ᠋ᠧᠷᠢᠶᠠᠯ ᠢ ᠬᠠᠮᠵᠢᠯᠴᠠᠨ ᠬᠠᠩᠭᠠᠬᠤ ᠬᠡᠷᠡᠭᠲᠡᠶ᠃

    6. ᠰᠢᠯᠭᠠᠭᠤᠯᠤᠭᠰᠠᠳ ᠲᠠᠭᠯᠠᠭᠰᠠᠨ ᠮᠡᠳᠡᠭᠡ ᠵᠠᠩᠭᠢ ᠨᠢᠭᠡᠪᠦᠷᠢ ᠶᠢ ᠴᠥᠮ ᠣᠨᠣᠪᠴᠢᠲᠠᠶ ᠪᠠᠶᠢᠬᠤ ᠶᠢ ᠳᠠᠬᠢᠨ ᠳᠠᠪᠲᠠᠨ ᠬᠠᠷᠭᠤᠭᠤᠯᠤᠭᠰᠠᠨ ᠤ ᠳᠠᠷᠠᠭ᠎ᠠ ᠳᠣᠬᠢᠵᠤ ᠲᠤᠰᠢᠶᠠᠨ᠎ᠠ᠃ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ᠂ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ᠶᠢ ᠳᠠᠷᠤᠮᠠᠯᠯᠠᠬᠤ ᠶᠢᠨ ᠬᠠᠮᠲᠤ ᠮᠡᠳᠡᠭᠡ ᠵᠠᠩᠭᠢ ᠨᠢᠭᠡᠪᠦᠷᠢ ᠶᠢ ᠳᠠᠬᠢᠨᠲᠠ ᠬᠠᠷᠭᠤᠭᠤᠯᠵᠤ᠂ ᠠᠯᠳᠠᠭ᠎ᠠ ᠪᠤᠷᠤᠭᠤ ᠶᠢ ᠣᠯᠵᠤ ᠮᠡᠳᠡᠪᠡᠯ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠬᠡᠷᠡᠭᠲᠡᠶ ︵ᠰᠠᠨᠠᠭᠤᠯᠤᠮᠵᠢ᠄ ᠰᠢᠯᠭᠠᠭᠤᠯᠤᠭᠰᠠᠳ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠳ᠋ᠤᠭᠠᠷ ᠢᠶᠠᠨ ᠲᠤᠰᠢᠶᠠᠭᠰᠠᠨ ᠤ ᠳᠠᠷᠠᠭ᠎ᠠ ᠵᠠᠰᠠᠬᠤ ᠶᠢᠨ ᠠᠷᠭ᠎ᠠ ᠥᠬᠡᠶ᠂ ᠪᠤᠰᠤᠳ ᠮᠡᠳᠡᠭᠡ ᠵᠠᠩᠭᠢ ᠶᠢ ᠬᠢᠷᠢ ᠬᠡᠮ ᠤᠨ ᠠᠩᠬᠠᠨ ᠤ ᠬᠢᠨᠠᠯᠲᠠ ᠶᠢ ᠥᠩᠭᠡᠷᠡᠭᠦᠯᠦᠭᠰᠡᠨ ᠤ ᠮᠥᠨ ᠴᠤ ᠳᠠᠷᠠᠭ᠎ᠠ ᠵᠠᠰᠠᠬᠤ ᠶᠢᠨ ᠠᠷᠭ᠎ᠠ ᠥᠬᠡᠶ ᠪᠣᠯᠣᠨ᠎ᠠ︶᠃

    7. ᠰᠢᠯᠭᠠᠭᠤᠯᠤᠭᠰᠠᠳ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠲᠤ ᠬᠠᠷᠢᠭᠤᠴᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠤᠶᠤ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠪᠠᠶᠢᠪᠠᠯ᠂ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠡᠯᠰᠡᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠵᠡᠷᠭᠡ ᠪᠠᠷ ᠰᠢᠢᠳᠪᠦᠷᠢᠯᠡᠨ᠎ᠡ᠃

    ︵ᠬᠤᠶᠠᠷ︶ ᠬᠢᠷᠢ ᠬᠡᠮ ᠤᠨ ᠠᠩᠬᠠᠨ ᠤ ᠬᠢᠨᠠᠯᠲᠠ ᠪᠠ ᠰᠦᠢᠳᠬᠡᠯ ᠲᠤᠰᠢᠶᠠᠬᠤ

    1. ᠰᠢᠯᠭᠠᠭᠤᠯᠤᠭᠰᠠᠳ ᠤᠨ ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠢ ᠰᠦᠯᠵᠢᠶᠡᠨ ᠳᠡᠭᠡᠷ᠎ᠡ ᠬᠢᠵᠦ᠂ ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠢ ᠡᠯ᠎ᠡ ᠡᠯᠰᠡᠨ ᠬᠡᠷᠡᠭᠯᠡᠬᠦ ᠨᠢᠭᠡᠴᠢ ᠠᠴᠠ ᠬᠠᠷᠢᠭᠤᠴᠠᠨ᠎ᠠ᠃

    2. ︽ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠬᠤᠯᠪᠣᠭᠳᠠᠭᠰᠠᠨ ᠰᠤᠷᠤᠯᠭ᠎ᠠ ᠶᠢᠨ ᠨᠠᠮᠲᠠᠷ᠂ ᠲᠤᠰᠬᠠᠶ ᠮᠡᠷᠭᠡᠵᠢᠯ ᠵᠡᠷᠭᠡ ᠠᠵᠢᠯ ᠤᠨ ᠪᠠᠶᠢᠷᠢ ᠶᠢᠨ ᠬᠢᠷᠢ ᠬᠡᠮ ᠤᠨ ᠨᠥᠬᠦᠴᠡᠯ ᠤᠨ ᠲᠠᠯ᠎ᠠ ᠶᠢᠨ ᠠᠰᠠᠭᠤᠳᠠᠯ ᠢ ᠡᠯᠰᠡᠨ ᠬᠡᠷᠡᠭᠯᠡᠬᠦ ᠨᠢᠭᠡᠴᠢ ᠠᠴᠠ ᠬᠠᠷᠢᠭᠤᠴᠠᠨ ᠲᠠᠶᠢᠯᠪᠤᠷᠢᠯᠠᠨ᠎ᠠ᠃ ᠠᠰᠠᠭᠤᠨ ᠯᠠᠪᠯᠠᠬᠤ ᠤᠲᠠᠰᠤ ᠶᠢ ︵ᠳᠠᠭᠠᠯᠳᠤᠭᠤᠯᠤᠯ ︽ᠠᠵᠢᠯ ᠤᠨ ᠪᠠᠶᠢᠷᠢ ᠶᠢᠨ ᠬᠦᠰᠦᠨᠦᠭᠲᠦ︾︶ ᠳᠤ ᠦᠵᠡᠭᠡᠷᠡᠢ᠃

    3. ᠰᠢᠯᠭᠠᠭᠤᠯᠤᠭᠰᠠᠳ ᠬᠢᠷᠢ ᠬᠡᠮ ᠤᠨ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠪᠠᠶᠢᠪᠠᠯ᠂ ᠪᠤᠰᠤᠳ ᠠᠵᠢᠯ ᠤᠨ ᠪᠠᠶᠢᠷᠢ ᠳᠤ ᠮᠡᠳᠡᠭᠦᠯᠵᠦ ᠪᠣᠯᠬᠤ ᠦᠭᠡᠢ᠃ ᠪᠢᠷ ᠤᠨ ᠰᠢᠯᠭᠠᠯᠲᠠ ᠳᠤ ᠣᠷᠣᠯᠴᠠᠬᠤ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠬᠥᠮᠦᠰ ᠰᠢᠯᠭᠠᠯᠲᠠ ᠶᠢᠨ ᠶᠠᠪᠤᠳᠠᠯ ᠤᠨ ᠰᠦᠢᠳᠬᠡᠯ 120 ᠲᠥᠭᠦᠷᠢᠭ ︵ᠬᠢᠴᠢᠶᠡᠯ ᠪᠦᠷᠢ 50 ᠲᠥᠭᠦᠷᠢᠭ᠂ ᠨᠡᠷ᠎ᠡ ᠮᠡᠳᠡᠭᠦᠯᠬᠦ ᠰᠦᠢᠳᠬᠡᠯ 20 ᠲᠥᠭᠦᠷᠢᠭ︶ ᠲᠤᠰᠢᠶᠠᠬᠤ ᠴᠢᠬᠤᠯᠠᠲᠠᠶ᠃ ᠰᠦᠢᠳᠬᠡᠯ ᠲᠤᠰᠢᠶᠠᠭᠰᠠᠨ ᠤ ᠳᠠᠷᠠᠭ᠎ᠠ ᠥᠪᠡᠷᠲᠡᠭᠡᠨ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ᠶᠢ ᠪᠠᠭᠤᠯᠭᠠᠵᠤ ᠬᠤᠶᠠᠷ ᠬᠤᠪᠢ ᠳᠠᠷᠤᠮᠠᠯᠯᠠᠵᠤ᠂ ᠬᠢᠷᠢ ᠭᠡᠮ ᠢ ᠳᠠᠬᠢᠨ ᠬᠢᠨᠠᠬᠤ ᠳᠤ ᠪᠡᠯᠡᠳᠬᠡᠬᠦ ᠬᠡᠷᠡᠭᠲᠡᠶ᠃

    4. ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠭᠰᠠᠨ ︵ᠲᠥᠷᠥ ᠶᠢᠨ ᠪᠣᠳᠣᠯᠭ᠎ᠠ ᠶᠢ ᠭᠥᠷᠳᠡᠬᠦ︶ ᠪᠠ ᠬᠢᠨᠠᠨ ᠰᠢᠨᠵᠢᠬᠦ ᠡᠷᠦᠬᠡ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠰᠢᠯᠭᠠᠭᠤᠯᠤᠭᠰᠠᠳ ᠵᠢᠴᠢ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠣᠰ ᠵᠢᠯ ᠳᠤ ᠲᠡᠭᠦᠰᠬᠦ ᠰᠣᠷᠣᠭᠴᠢ ︵ᠵᠢᠩᠬᠢᠨᠢ ᠠᠩᠭᠢ᠂ ᠠᠰᠫᠢᠷᠠᠨᠲ ᠪᠠᠭᠲᠠᠨ᠎ᠠ︶ ᠰᠢᠯᠭᠠᠯᠲᠠ ᠶᠢᠨ ᠶᠠᠪᠤᠳᠠᠯ ᠤᠨ ᠰᠦᠢᠳᠬᠡᠯ ᠲᠤᠰᠢᠶᠠᠬᠤ ᠥᠬᠡᠶ᠂ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ︵ᠵᠢᠩᠬᠢᠨᠢ ᠠᠩᠭᠢ᠂ ᠠᠰᠫᠢᠷᠠᠨᠲ ᠪᠠᠭᠲᠠᠨ᠎ᠠ︶ ᠶᠢᠨ ᠰᠢᠯᠭᠠᠯᠲᠠ ᠶᠢᠨ ᠶᠠᠪᠤᠳᠠᠯ ᠤᠨ ᠰᠦᠢᠳᠬᠡᠯ ᠢ ᠬᠠᠭᠠᠰ ᠢᠶᠠᠷ ᠪᠠᠭᠤᠷᠠᠭᠤᠯᠵᠤ ᠬᠤᠷᠢᠶᠠᠨ᠎ᠠ᠃ ᠡᠨᠡ ᠭᠤᠷᠪᠠᠨ ᠲᠥᠷᠥᠯ ᠤᠨ ᠬᠥᠮᠥᠰ ︽ᠤᠷᠢᠳᠠᠪᠠᠷ ᠲᠤᠰᠢᠶᠠᠵᠤ ᠳᠠᠷᠠᠭ᠎ᠠ ᠨᠢ ᠪᠤᠴᠠᠭᠠᠬᠤ︾ ᠠᠷᠭ᠎ᠠ ᠮᠠᠶ᠋ᠢᠭ ᠢ ᠠᠪᠴᠤ᠂ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ 20 ᠡᠳᠦᠷ ᠤᠨ ᠳᠣᠲᠣᠷ᠎ᠠ᠂ ᠨᠡᠷ᠎ᠡ ᠮᠡᠳᠡᠭᠦᠯᠬᠦ ᠰᠦᠯᠵᠢᠶᠡᠨ ᠠᠴᠠ ︽ᠰᠢᠯᠭᠠᠯᠲᠠ ᠶᠢᠨ ᠶᠠᠪᠤᠳᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ︾ ᠬᠦᠰᠦᠨᠦᠭᠲᠦ ᠶᠢ ᠪᠠᠭᠤᠯᠭᠠᠨ ᠲᠠᠭᠯᠠᠬᠤ ᠶᠢᠨ ᠬᠠᠮᠲᠤ ᠲᠣᠰ ᠬᠥᠮᠦᠨ ᠤ ᠪᠡᠶ᠎ᠡ ᠶᠢᠨ ᠦᠨᠡᠮᠯᠡᠯ ᠪᠠ ᠲᠡᠭᠦᠰᠬᠦ ᠦᠨᠡᠮᠯᠡᠯ ᠪᠤᠶᠤ ᠬᠤᠯᠪᠣᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ ᠤᠨ ᠤᠭ ᠪᠢᠴᠢᠭ ᠵᠢᠴᠢ ᠬᠠᠭᠤᠯᠪᠤᠷᠢ ᠪᠠᠨ ᠠᠪᠤᠨ᠎ᠠ ︵ᠨᠡᠷ᠎ᠡ ᠮᠡᠳᠡᠭᠦᠯᠬᠦ ᠳᠠᠷᠠᠭᠠᠯᠠᠯ ᠤᠨ ᠳ᠋ᠤᠭᠠᠷ ᠪᠠ ᠬᠠᠷᠢᠯᠴᠠᠬᠤ ᠤᠲᠠᠰᠤ ᠪᠠᠨ ᠲᠣᠳᠣᠷᠬᠠᠶᠢᠯᠠᠨ᠎ᠠ︶᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠢᠯᠭᠠᠭᠤᠯᠤᠭᠰᠠᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢ ᠪᠤᠶᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠦᠨᠡᠮᠯᠡᠯ ᠤᠨ ᠤᠭ ᠪᠢᠴᠢᠭ ᠵᠢᠴᠢ ᠬᠠᠭᠤᠯᠪᠤᠷᠢ ᠶᠢ ᠬᠠᠩᠭᠠᠬᠤ ᠬᠡᠷᠡᠭᠲᠡᠶ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢ ᠨᠢ 2024 ᠣᠨ ᠤ 7 ᠳ᠋ᠤᠭᠠᠷ ᠰᠠᠷ᠎ᠠ ᠶᠢᠨ 20 ᠤ ᠡᠳᠦᠷ ᠠᠴᠠ ᠰᠡᠭᠦᠯᠡᠷ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠯᠪᠠᠨ ᠲᠠᠮᠠᠭ᠎ᠠ ᠳᠠᠷᠤᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠦᠨᠡᠮᠯᠡᠯ  ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠬᠤᠶᠢᠰᠢ ᠬᠦᠴᠦᠨ ᠪᠦᠬᠦᠢ ᠣᠨ ᠤ ᠪᠠᠶᠢᠴᠠᠭᠠᠯᠲᠠ ᠶᠢᠨ ᠮᠡᠳᠡᠭᠡ ᠵᠠᠩᠭᠢ ᠪᠠᠶᠢᠬᠤ ᠬᠡᠷᠡᠭᠲᠡᠢ᠂ ᠣᠨ ᠤ ᠪᠠᠶᠢᠴᠠᠭᠠᠯᠲᠠ ᠶᠢᠨ ᠮᠡᠳᠡᠭᠡ ᠵᠠᠩᠭᠢ ᠦᠭᠡᠢ ᠪᠣᠯ᠂ ᠲᠤᠬᠠᠢ ᠶᠢᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠤᠤᠯ ᠪᠢᠴᠢᠭ ᠳᠡᠭᠡᠷ᠎ᠡ ᠠᠰ ᠲᠤᠨᠢ ᠠᠯᠪᠠᠨ ᠲᠠᠮᠠᠭ᠎ᠠ ᠳᠠᠷᠤᠵᠤ᠂ ᠲᠠᠮᠠᠭ᠎ᠠ ᠳᠠᠷᠤᠭᠰᠠᠨ ᠴᠠᠭ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠪᠠᠶᠢᠬᠤ ᠬᠡᠷᠡᠭᠲᠡᠢ᠃ ᠬᠢᠨᠠᠨ ᠵᠥᠪᠰᠢᠶᠡᠷᠡᠵᠦ ᠨᠤᠲᠠᠯᠠᠬᠤ ᠡᠷᠬᠡ ᠮᠡᠳᠡᠯ ᠢ ᠳᠣᠷᠣᠭᠰᠢ ᠪᠠᠭᠤᠯᠭᠠᠭᠰᠠᠨ ᠭᠠᠵᠠᠷ ᠣᠷᠣᠨ ᠳᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠮᠢᠶ᠎ᠠ ᠪᠦᠬᠦᠢ ᠭᠡᠷᠡᠴᠢ ᠭᠠᠷᠭᠠᠵᠤ ᠪᠣᠯᠤᠨ᠎ᠠ᠃

ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠭᠰᠠᠨ ︵ᠲᠥᠷᠥ ᠶᠢᠨ ᠪᠣᠳᠣᠯᠭ᠎ᠠ ᠬᠦᠷᠲᠡᠬᠦ︶ ᠪᠠ ᠬᠢᠨᠠᠨ ᠰᠢᠨᠵᠢᠬᠦ ᠡᠷᠦᠬᠡ ᠶᠢᠨ ᠰᠢᠯᠭᠠᠭᠤᠯᠤᠭᠰᠠᠳ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠭᠠᠷᠭᠠᠭᠰᠠᠨ ᠶᠠᠳᠠᠭᠤ ᠠᠴᠠ ᠠᠩᠭᠢᠵᠢᠷᠠᠭᠰᠠᠨ ︵ᠲᠥᠷᠥ ᠶᠢᠨ ᠪᠣᠳᠣᠯᠭ᠎ᠠ ᠬᠦᠷᠲᠡᠬᠦ︶ ᠪᠠ ᠬᠢᠨᠠᠨ ᠰᠢᠨᠵᠢᠬᠦ ᠡᠷᠦᠬᠡ ᠶᠢᠨ ᠭᠡᠷᠡᠴᠢ᠂ ᠶᠠᠳᠠᠭᠤ ᠠᠴᠠ ᠠᠩᠭᠢᠵᠢᠷᠠᠭᠰᠠᠨ ︵ᠲᠥᠷᠥ ᠶᠢᠨ ᠪᠣᠳᠣᠯᠭ᠎ᠠ ᠬᠦᠷᠲᠡᠬᠦ︶ ᠪᠠ ᠬᠢᠨᠠᠨ ᠰᠢᠨᠵᠢᠬᠦ ᠡᠷᠦᠬᠡ ᠶᠢᠨ ᠭᠡᠷ ᠪᠦᠯᠢ ᠶᠢᠨ ᠦᠨᠳᠦᠰᠦᠨ ᠪᠠᠶᠢᠳᠠᠯ ᠤᠨ ᠳᠠᠩᠰᠠ ᠡᠪᠬᠡᠮᠡᠯ ᠤᠨ ᠺᠠᠷᠲ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ ᠲᠤᠰ ᠬᠥᠮᠦᠨ ︵ᠪᠤᠶᠤ ᠪᠤᠰᠤᠳ ᠬᠥᠮᠦᠨ ᠣᠷᠣᠯᠠᠨ ᠭᠦᠢᠴᠡᠳᠬᠡᠭᠰᠡᠨ ︶ ᠥᠪᠥᠷ ᠮᠣᠩᠭᠤᠯ ᠤᠨ ᠤᠮᠠᠷᠠᠲᠤ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ ᠬᠢᠨᠠᠨ ᠬᠠᠷᠭᠤᠭᠤᠯᠵᠤ ᠨᠤᠲᠠᠯᠠᠭᠠᠳ ᠰᠦᠢᠳᠬᠡᠯ ᠪᠤᠴᠠᠭᠠᠬᠤ ᠭᠠᠷᠳᠠᠮ ᠭᠦᠢᠴᠡᠳᠬᠡᠨ᠎ᠡ᠃ ᠲᠤᠰᠢᠶᠠᠭᠰᠠᠨ ᠰᠦᠢᠳᠬᠡᠯ ᠢ ᠰᠢᠯᠭᠠᠭᠤᠯᠤᠭᠰᠠᠳ ᠤᠨ ᠰᠦᠢᠳᠬᠡᠯ ᠲᠤᠰᠢᠶᠠᠭᠰᠠᠨ ᠪᠠᠩᠬᠢ ᠶᠢᠨ ᠺᠠᠷᠲ ᠲᠤ ᠠᠶᠠᠨᠳᠠᠭᠠᠨ ᠪᠤᠴᠠᠭᠠᠵᠤ᠂ ᠳᠠᠩᠰᠠᠨ ᠳᠤ ᠣᠷᠣᠬᠤ ᠡᠳᠦᠷ ᠬᠤᠭᠤᠴᠠᠭ᠎ᠠ ᠶᠢ ᠪᠣᠳᠠᠲᠠᠶ ᠳᠠᠩᠰᠠᠨ ᠳᠤ ᠣᠷᠣᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ᠃ ᠪᠢᠷ ᠤᠨ ᠰᠢᠯᠭᠠᠯᠲᠠ ᠳᠤ ᠣᠷᠣᠯᠴᠠᠭᠰᠠᠨ ᠦᠭᠡᠢ ᠬᠥᠮᠥᠰ ᠤᠨ ᠰᠦᠢᠳᠬᠡᠯ ᠢ ᠲᠠᠬᠢᠵᠤ ᠪᠤᠴᠠᠭᠠᠬᠤ ᠦᠭᠡᠢ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠯᠰᠡᠵᠦ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃

    ︵ᠭᠤᠷᠪᠠ︶ ᠪᠢᠷ ᠤᠨ ᠰᠢᠯᠭᠠᠯᠲᠠ

    1. ᠪᠢᠷ ᠤᠨ ᠰᠢᠯᠭᠠᠯᠲᠠ ᠶᠢᠨ ᠡᠬᠢᠯᠡᠬᠦ ᠬᠠᠷᠢᠴᠠᠯ ︵ᠰᠦᠢᠳᠬᠡᠯ ᠲᠤᠰᠢᠶᠠᠭᠰᠠᠨ ᠬᠥᠮᠦᠨ ᠤ ᠲᠤᠭ᠎ᠠ ᠬᠢᠭᠡᠳ ᠠᠵᠢᠯ ᠤᠨ ᠪᠠᠶᠢᠷᠢ ᠶᠢᠨ ᠡᠯᠰᠡᠬᠦ ᠲᠥᠯᠥᠪᠯᠡᠭᠡ ᠶᠢᠨ ᠲᠣᠭᠠᠨ ᠤ ᠬᠠᠷᠢᠴᠠᠯ 3᠄ 1︶᠃ ᠰᠢᠯᠭᠠᠭᠤᠯᠤᠭᠰᠠᠳ ᠰᠦᠢᠳᠬᠡᠯ ᠲᠤᠰᠢᠶᠠᠭᠠᠳ ᠠᠮᠵᠢᠯᠲᠠ ᠣᠯᠤᠭᠰᠠᠨ ᠤ ᠳᠠᠷᠠᠭ᠎ᠠ᠂ ᠡᠷᠬᠡᠪᠰᠢ 2024 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ 8 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ ᠨᠡᠷ᠎ᠡ ᠮᠡᠳᠡᠭᠦᠯᠬᠦ ᠰᠦᠯᠵᠢᠶᠡᠨ ᠠᠴᠠ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠥᠪᠡᠰᠦᠪᠡᠨ ᠪᠠᠭᠤᠯᠭᠠᠨ ᠳᠠᠷᠤᠮᠠᠯᠯᠠᠵᠤ ᠠᠪᠬᠤ ᠬᠡᠷᠡᠭᠲᠡᠶ᠃

    2. ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ ᠬᠢᠴᠢᠶᠡᠯ ᠲᠥᠷᠥᠯ ᠨᠢ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ︾ ᠪᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠬᠤᠶᠠᠷ ᠲᠥᠷᠥᠯ᠂ ᠲᠣᠰ ᠪᠦᠷᠢ 150 ᠬᠤᠪᠢ᠂ ᠶᠡᠷᠦᠩᠬᠡᠶ ᠬᠤᠪᠢ ᠨᠢ 300 ᠬᠤᠪᠢ᠂ ᠰᠢᠯᠭᠠᠯᠲᠠ ᠶᠢᠨ ᠲᠥᠷᠥᠯ ᠵᠦᠢᠯ ᠨᠢ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ︵A ᠲᠥᠷᠥᠯ︶ ᠪᠣᠯᠤᠨ᠎ᠠ᠃ ᠰᠢᠯᠭᠠᠯᠲᠠ ᠶᠢᠨ ᠬᠡᠪᠴᠢᠶ᠎ᠡ ᠶᠢ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠵᠤ ᠡᠯᠰᠡᠬᠦ ᠲᠥᠷᠥᠯ ᠬᠤᠪᠢᠶᠠᠨ ᠰᠢᠯᠭᠠᠬᠤ ᠣᠯᠠᠨ ᠨᠡᠶᠢᠲᠡ ᠶᠢᠨ ᠬᠢᠴᠢᠶᠡᠯ ᠲᠥᠷᠥᠯ ᠤᠨ ᠪᠢᠷ ᠤᠨ ᠰᠢᠯᠭᠠᠯᠲᠠ ᠶᠢᠨ ᠬᠥᠲᠥᠯᠪᠦᠷᠢ︾ ︵2022 ᠣᠨ ᠤ ᠬᠡᠪᠯᠡᠯ︶ ᠪᠠᠷ ᠪᠠᠷᠢᠮᠵᠢᠶ᠎ᠠ ᠪᠣᠯᠭᠠᠨ᠎ᠠ᠃

    3. ᠪᠢᠷ ᠤᠨ ᠰᠢᠯᠭᠠᠯᠲᠠ ᠶᠢᠨ ᠴᠠᠭ ᠨᠢ 2024 ᠣᠨ ᠤ 8 ᠳ᠋ᠤᠭᠠᠷ ᠰᠠᠷ᠎ᠠ ᠶᠢᠨ 3 ᠤ ᠡᠳᠦᠷ ︵ᠭᠠᠷᠠᠭ ᠤᠨ ᠵᠢᠷᠭᠤᠭ᠎ᠠ︶᠃ ᠪᠣᠳᠠᠲᠠᠢ ᠲᠣᠬᠢᠷᠠᠭᠤᠯᠤᠯᠲᠠ᠄

    08᠄ 30 — 10᠄ 00 ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ

    10᠄ 00 — 12᠄ 00 ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ

    ᠬᠤᠶᠠᠷ ᠬᠢᠴᠢᠶᠡᠯ ᠲᠦᠷᠦᠯ ᠤᠨ ᠰᠢᠯᠭᠠᠯᠲᠠ ᠵᠠᠯᠭᠠᠯᠳᠤᠭ᠎ᠠ ᠪᠠᠷ ᠶᠠᠪᠤᠭᠳᠠᠵᠤ᠂ ᠳᠤᠮᠳᠠ ᠨᠢ ᠲᠠᠰᠤᠯᠳᠠᠬᠤ ᠦᠭᠡᠢ᠃ ᠬᠤᠶᠠᠷ ᠬᠢᠴᠢᠶᠡᠯ ᠲᠦᠷᠦᠯ ᠤᠨ ᠰᠡᠳᠦᠪ ᠢ ᠨᠡᠶᠢᠯᠡᠭᠦᠯᠵᠦ ᠳᠡᠪᠲᠡᠷᠯᠡᠬᠦ ᠪᠣᠯᠣᠨ᠎ᠠ᠃

    4. ᠪᠢᠷ ᠤᠨ ᠰᠢᠯᠭᠠᠯᠲᠠ ᠢ ᠬᠥᠬᠡᠬᠤᠲᠠ ᠳᠤ ᠳᠣᠭᠢᠷᠠᠭᠤᠯᠵᠤ᠂ ᠪᠣᠳᠠᠲᠠᠶ ᠬᠠᠶ᠋ᠢᠭ ᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠳᠡᠭᠡᠷ᠎ᠡ ᠨᠠᠷᠢᠨ ᠦᠵᠡᠭᠡᠷᠡᠶ᠃ ᠰᠢᠯᠭᠠᠭᠤᠯᠤᠭᠰᠠᠳ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ᠂ ᠪᠡᠶ᠎ᠡ ᠶᠢᠨ ᠦᠨᠡᠮᠯᠡᠯ ︵ᠲᠦᠷ ᠴᠠᠭ ᠤᠨ ᠪᠡᠶ᠎ᠡ ᠶᠢᠨ ᠦᠨᠡᠮᠯᠡᠯ︶᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠫᠠᠰᠫᠣᠷᠲ ᠵᠡᠷᠭᠡ ᠬᠦᠴᠦᠨ ᠪᠥᠬᠦᠶ ᠦᠨᠡᠮᠯᠡᠯ ᠢᠶᠠᠷ ᠢᠶᠠᠨ ᠰᠢᠯᠭᠠᠯᠲᠠ ᠳᠤ ᠣᠷᠣᠯᠴᠠᠨ᠎ᠠ᠃

    5. ᠪᠢᠷ ᠤᠨ ᠰᠢᠯᠭᠠᠯᠲᠠ ᠶᠢᠨ ᠬᠢᠷᠢ ᠪᠦᠲᠦᠮᠵᠢ = ︵︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ︾ ᠶᠢᠨ ᠬᠢᠷᠢ ᠪᠦᠲᠦᠮᠵᠢ + ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠶᠢᠨ ᠬᠢᠷᠢ ᠪᠦᠲᠦᠮᠵᠢ︶ ÷ 3 + ᠲᠥᠷᠥ ᠶᠢᠨ ᠪᠣᠳᠣᠯᠭ᠎ᠠ ᠶᠢᠨ ᠬᠤᠪᠢ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠠᠷᠪᠠᠲᠤ ᠶᠢᠨ ᠴᠡᠭ ᠤᠨ ᠬᠤᠶᠢᠨᠠᠬᠢ 3 ᠣᠷᠣᠨ ᠢ ᠦᠯᠡᠳᠡᠭᠡᠨ᠎ᠡ ᠃

ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠢ ᠦᠨᠳᠦᠰᠦᠯᠡᠨ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ ᠤ ᠰᠢᠯᠭᠠᠭᠤᠯᠤᠭᠰᠠᠳ ᠲᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠮᠡᠭᠦᠷᠢᠯᠡᠭᠰᠡᠨ ᠤ ᠳᠠᠷᠠᠭ᠎ᠠ 1.25 ᠬᠤᠪᠢ ᠨᠡᠮᠡᠨ᠎ᠡ᠃

    ᠰᠢᠯᠭᠠᠭᠤᠯᠤᠭᠰᠠᠳ ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ ᠶᠢ ᠨᠠᠷᠢᠨ ᠬᠢᠨᠠᠮᠠᠭᠠᠶ ᠲᠠᠭᠯᠠᠵᠤ᠂ ᠬᠤᠪᠢ ᠬᠥᠮᠥᠨ ᠤ ᠰᠢᠯᠲᠠᠭᠠᠨ ᠠᠴᠠ ᠪᠣᠯᠵᠤ ᠪᠤᠷᠤᠭᠤ ᠲᠠᠭᠯᠠᠭᠰᠠᠨ ᠪᠤᠶᠤ ᠮᠡᠳᠡᠭᠡ ᠵᠠᠩᠭᠢ ᠶᠢ ᠳᠤᠲᠠᠭᠤ ᠲᠠᠭᠯᠠᠭᠰᠠᠨ ᠪᠣᠯ ᠳᠠᠬᠢᠵᠤ ᠬᠤᠪᠢ ᠨᠡᠮᠡᠬᠦ ᠥᠬᠡᠶ᠃

    6. ᠪᠢᠷ ᠤᠨ ᠰᠢᠯᠭᠠᠯᠲᠠ ᠶᠢ ᠦᠵᠡᠬᠦ ᠠᠵᠢᠯ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠢᠷ ᠤᠨ ᠰᠢᠯᠭᠠᠯᠲᠠ ᠶᠢᠨ ᠬᠢᠷᠢ ᠲᠡᠩᠴᠡᠬᠦ ᠬᠠᠮᠤᠭ ᠤᠨ ᠳᠣᠣᠷ᠎ᠠ ᠬᠤᠪᠢ ᠶᠢ ᠰᠤᠳᠤᠯᠤᠨ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠬᠢᠷᠢ ᠲᠡᠩᠴᠡᠬᠦ ᠬᠠᠮᠤᠭ ᠤᠨ ᠳᠣᠤᠷ᠎ᠠ ᠬᠤᠪᠢ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠪᠢᠷ ᠤᠨ ᠰᠢᠯᠭᠠᠯᠲᠠ ᠶᠢᠨ ᠬᠢᠷᠢ ᠲᠡᠩᠴᠡᠬᠦ ᠬᠠᠮᠤᠭ ᠤᠨ ᠳᠣᠤᠷ᠎ᠠ ᠬᠤᠪᠢ ᠳᠤ ᠬᠥᠷᠥᠭᠰᠡᠨ ᠦᠭᠡᠢ ᠬᠥᠮᠦᠰ ᠳᠠᠷᠠᠭᠠᠴᠢ ᠶᠢᠨ ᠠᠯᠬᠤᠮ ᠳᠤ ᠣᠷᠣᠵᠤ ᠪᠣᠯᠬᠤ ᠦᠭᠡᠶ᠃

    ︵ᠲᠦᠷᠪᠡ︶ ᠬᠢᠷᠢ ᠭᠡᠮ ᠤᠨ ᠳᠠᠬᠢᠨ ᠬᠢᠨᠠᠯᠲᠠ

    1. ᠬᠢᠷᠢ ᠭᠡᠮ ᠤᠨ ᠳᠠᠬᠢᠨ ᠬᠢᠨᠠᠬᠤ ᠬᠡᠪᠴᠢᠶᠡᠨ ᠳᠤ ᠣᠷᠣᠬᠤ ᠬᠥᠮᠦᠰ ᠢ ᠲᠣᠭᠲᠠᠭᠠᠬᠤ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠪᠢᠷ ᠤᠨ ᠰᠢᠯᠭᠠᠯᠲᠠ ᠶᠢᠨ ᠬᠢᠷᠢ ᠲᠡᠩᠴᠡᠬᠦ ᠬᠠᠮᠤᠭ ᠤᠨ ᠳᠣᠤᠷ᠎ᠠ ᠬᠤᠪᠢ ᠳᠤ ᠬᠥᠷᠥᠭᠰᠡᠨ ᠬᠥᠮᠥᠰ ᠳᠣᠲᠣᠷ᠎ᠠ ᠠᠴᠠ᠂ ᠠᠵᠢᠯ ᠤᠨ ᠪᠠᠶᠢᠷᠢ ᠨᠢᠭᠡᠪᠦᠷᠢ ᠶᠢᠨ ᠨᠢᠭᠤᠷᠲᠠᠨ ᠰᠢᠯᠭᠠᠬᠤ ᠬᠥᠮᠦᠨ ᠤ ᠲᠤᠭ᠎ᠠ ᠬᠢᠭᠡᠳ ᠠᠵᠢᠯᠲᠠᠨ ᠡᠯᠰᠡᠬᠦ ᠲᠥᠯᠥᠪᠯᠡᠭᠡ ᠶᠢᠨ ᠲᠤᠭ᠎ᠠ ᠶᠢᠨ 3᠄ 1 ᠶᠢᠨ ᠬᠠᠷᠢᠴᠠᠯ ᠢᠶᠠᠷ ᠥᠨᠳᠥᠷ ᠠᠴᠠ ᠳᠣᠤᠷ᠎ᠠ ᠳᠡᠰ ᠳᠠᠷᠠᠭᠠᠯᠠᠯ ᠢᠶᠠᠷ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠤ ᠣᠷᠣᠬᠤ ᠬᠥᠮᠦᠰ ᠢ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ ᠮᠥᠷᠲᠡᠭᠡᠨ 3᠄ 1  ᠠᠴᠠ ᠬᠡᠲᠦᠷᠡᠭᠰᠡᠨ ᠪᠦᠬᠦᠨ ᠢ ᠬᠢᠷᠢ ᠬᠡᠮ ᠤᠨ ᠳᠠᠬᠢᠨ ᠬᠢᠨᠠᠬᠤ ᠬᠡᠪᠴᠢᠶᠡᠨ ᠳᠤ ᠣᠷᠣᠭᠤᠯᠤᠨ᠎ᠠ︔ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠬᠦ ᠬᠠᠮᠤᠭ ᠤᠨ ᠳᠣᠤᠷ᠎ᠠ ᠬᠤᠪᠢ ᠬᠥᠷᠥᠭᠰᠡᠨ ᠬᠥᠮᠥᠨ ᠤ ᠲᠤᠭ᠎ᠠ 3᠄ 1 ᠳᠤ ᠬᠦᠷᠬᠦ ᠦᠭᠡᠢ ᠪᠠᠶᠢᠪᠠᠯ᠂ ᠪᠣᠳᠠᠲᠠᠶ ᠬᠥᠮᠦᠨ ᠤ ᠲᠤᠭ᠎ᠠ ᠪᠠᠷ ᠳᠠᠬᠢᠨ ᠬᠢᠨᠠᠬᠤ ᠬᠡᠪᠴᠢᠶᠡᠨ ᠳᠤ ᠣᠷᠣᠬᠤ ᠬᠥᠮᠦᠰ ᠢ ᠲᠣᠭᠲᠠᠭᠠᠨ᠎ᠠ᠃

    2. ᠳᠠᠬᠢᠨ ᠬᠢᠨᠠᠬᠤ ᠠᠵᠢᠯ ᠢ ᠠᠵᠢᠯᠲᠠᠨ ᠡᠯᠰᠡᠬᠦ ᠨᠢᠭᠡᠴᠢ ᠠᠴᠠ ᠬᠠᠷᠢᠭᠤᠴᠠᠵᠤ᠂ ᠬᠢᠷᠢ ᠬᠡᠮ ᠤᠨ ᠳᠠᠬᠢᠨ ᠬᠢᠨᠠᠬᠤ ᠴᠠᠭ᠂ ᠭᠠᠵᠠᠷ ᠵᠡᠷᠭᠡ ᠶᠢ ᠨᠡᠷ᠎ᠡ ᠮᠡᠳᠡᠭᠦᠯᠬᠦ ᠰᠦᠯᠵᠢᠶᠡᠨ ᠳᠤ ᠠᠰ ᠲᠤᠨᠢ ᠵᠠᠷᠯᠠᠨ ᠨᠡᠶᠢᠲᠡᠯᠡᠵᠦ᠂ ᠰᠢᠯᠭᠠᠭᠤᠯᠤᠭᠰᠠᠳ ᠨᠡᠷ᠎ᠡ ᠮᠡᠳᠡᠭᠦᠯᠬᠦ ᠰᠦᠯᠵᠢᠶᠡᠨ ᠥᠷᠲᠡᠭᠡ ᠶᠢ ᠴᠠᠭ ᠲᠤᠬᠠᠶ ᠳᠤᠨᠢ ᠠᠩᠬᠠᠷᠤᠭᠠᠷᠠᠢ᠃

    3. ᠬᠢᠷᠢ ᠬᠡᠮ ᠤᠨ ᠳᠠᠬᠢᠨ ᠬᠢᠨᠠᠬᠤ ᠬᠡᠪᠴᠢᠶᠡᠨ ᠳᠤ ᠣᠷᠣᠭᠰᠠᠳ ᠡᠷᠬᠡᠪᠰᠢ ︽ᠬᠢᠷᠢ ᠬᠡᠮ ᠤᠨ ᠳᠠᠬᠢᠨ ᠬᠢᠨᠠᠬᠤ ᠮᠡᠳᠡᠭᠳᠡᠯ ᠤᠨ ᠪᠢᠴᠢᠭ︾ ᠪᠠ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ᠶᠢ ᠥᠪᠡᠰᠦᠪᠡᠨ ᠪᠠᠭᠤᠯᠭᠠᠨ ᠳᠠᠷᠤᠮᠠᠯᠯᠠᠵᠤ᠂ ᠲᠣᠭᠲᠠᠭᠰᠠᠨ ᠴᠠᠭ᠂ ᠭᠠᠵᠠᠷ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠬᠤ ᠬᠡᠷᠡᠭᠲᠡᠶ᠃

    4. ᠬᠢᠷᠢ ᠭᠡᠮ ᠢ ᠳᠠᠬᠢᠨ ᠬᠢᠨᠠᠬᠤ ᠳᠤ ᠣᠷᠣᠯᠴᠠᠬᠤ ᠳᠤ᠂ ᠰᠢᠯᠭᠠᠭᠤᠯᠤᠭᠰᠠᠳ ᠡᠷᠬᠡᠪᠰᠢ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄

    ︵1︶ ︽ᠬᠢᠷᠢ ᠬᠡᠮ ᠤᠨ ᠳᠠᠬᠢᠨ ᠬᠢᠨᠠᠬᠤ ᠮᠡᠳᠡᠭᠳᠡᠯ ᠤᠨ ᠪᠢᠴᠢᠭ︾ ︵ᠬᠤᠶᠠᠷ ᠬᠤᠪᠢ᠂ ᠬᠤᠪᠢ ᠪᠦᠷᠢ ᠶᠢ ᠨᠢᠭᠡ ᠬᠠᠭᠤᠳᠠᠰᠤ ᠴᠠᠭᠠᠰᠤᠨ ᠳᠡᠭᠡᠷ᠎ᠡ ᠳᠠᠷᠤᠮᠠᠯᠯᠠᠨ᠎ᠠ︶︔

    ︵2︶ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ︵ᠬᠤᠶᠠᠷ ᠬᠤᠪᠢ᠂ ᠬᠤᠪᠢ ᠪᠦᠷᠢ ᠶᠢ ᠨᠢᠭᠡ ᠬᠠᠭᠤᠳᠠᠰᠤ ᠴᠠᠭᠠᠰᠤᠨ ᠳᠡᠭᠡᠷ᠎ᠡ ᠳᠠᠷᠤᠮᠠᠯᠯᠠᠨ᠎ᠠ︶︔

    ︵3︶ ᠪᠡᠶ᠎ᠡ ᠶᠢᠨ ᠦᠨᠡᠮᠯᠡᠯ ᠤᠨ ᠤᠭ ᠪᠢᠴᠢᠭ ᠵᠢᠴᠢ ᠬᠠᠭᠤᠯᠪᠤᠷᠢ︔

    ︵4︶ ᠲᠡᠭᠦᠰᠦᠭᠰᠡᠨ ᠦᠨᠡᠮᠯᠡᠯ ᠪᠣᠯᠤᠨ ᠡᠷᠳᠡᠮ ᠤᠨ ᠴᠣᠯᠠ ᠶᠢᠨ ᠦᠨᠡᠮᠯᠡᠯ ᠤᠨ ᠤᠭ ᠪᠢᠴᠢᠭ᠂ ᠬᠠᠭᠤᠯᠪᠤᠷᠢ᠃

    ︵5︶ ᠰᠤᠷᠭᠠᠨ ᠬᠥᠮᠥᠵᠢᠯ ᠤᠨ ᠶᠠᠮᠤᠨ ᠤ ᠰᠤᠷᠤᠯᠴᠠᠭᠰᠠᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠭᠤᠯᠬᠤ ᠬᠦᠰᠦᠨᠦᠭᠲᠦ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠴᠠᠭᠰᠠᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ᠃

ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠭᠠᠳᠠᠭᠠᠳᠤ ᠳᠤ ᠰᠤᠷᠤᠯᠴᠠᠭᠠᠳ ᠰᠤᠷᠤᠯᠭ᠎ᠠ ᠶᠢᠨ ᠨᠠᠮᠲᠠᠷ ᠣᠯᠣᠭᠠᠳ ᠡᠯᠰᠡᠬᠦ ᠳᠤ ᠣᠷᠣᠯᠴᠠᠭᠰᠠᠨ ᠪᠠᠶᠢᠪᠠᠯ᠂ ᠡᠷᠬᠡᠪᠰᠢ ︽ᠠᠯᠪᠠᠨ ᠵᠠᠷ︾ ᠪᠣᠯᠤᠨ ︽ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠲᠣᠭᠲᠠᠭᠠᠭᠰᠠᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠪᠠᠰᠠ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠠᠴᠠ ᠭᠠᠷᠭᠠᠭᠰᠠᠨ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠦᠨᠡᠮᠯᠡᠯ︾ ᠪᠤᠶᠤ ᠪᠤᠰᠤᠳ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠤᠨ ᠤᠭ ᠪᠢᠴᠢᠭ ᠵᠢᠴᠢ ᠬᠠᠭᠤᠯᠪᠤᠷᠢ ᠶᠢ ᠬᠠᠩᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ ᠬᠢᠭᠡᠳ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠳᠤ ᠬᠠᠷᠢᠶᠠᠯᠠᠭᠳᠠᠬᠤ ᠬᠢᠯᠢ ᠶᠢᠨ ᠭᠠᠳᠠᠨᠠᠬᠢ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠭᠥᠷᠳᠡᠬᠦ ᠳᠤ ᠬᠠᠷᠢᠶᠠᠯᠠᠭᠳᠠᠪᠠᠯ᠂ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠠᠴᠠ ᠭᠠᠷᠭᠠᠭᠰᠠᠨ ︽ᠬᠠᠮᠲᠤᠷᠠᠨ ᠰᠤᠷᠭᠠᠭᠤᠯᠢ ᠡᠷᠭᠢᠯᠡᠬᠦ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠦᠨᠡᠯᠡᠨ ᠵᠢᠱᠢᠭᠰᠡᠨ ᠰᠠᠨᠠᠯ ᠤᠨ ᠪᠢᠴᠢᠭ︾ ᠪᠤᠶᠤ ︽ᠬᠠᠮᠲᠤᠷᠠᠨ ᠰᠤᠷᠭᠠᠭᠤᠯᠢ ᠡᠷᠭᠢᠯᠡᠬᠦ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠦᠨᠡᠮᠯᠡᠯ︾ ᠤᠨ ᠤᠭ ᠪᠢᠴᠢᠭ ᠵᠢᠴᠢ ᠬᠠᠭᠤᠯᠪᠤᠷᠢ ᠶᠢ ᠬᠠᠩᠭᠠᠬᠤ ᠬᠡᠷᠡᠭᠲᠡᠶ᠃

    ︵6︶ ᠠᠵᠢᠯᠲᠠᠨ ᠡᠯᠰᠡᠬᠦ ᠠᠵᠢᠯ ᠤᠨ ᠪᠠᠶᠢᠷᠢ ᠳᠤ 2 ᠵᠢᠯ ᠠᠴᠠ ᠢᠯᠡᠭᠦᠦ ᠦᠨᠳᠦᠰᠦᠨ ᠱᠠᠲᠤᠨ ᠳᠤ ᠠᠵᠢᠯᠯᠠᠭᠰᠠᠨ ᠥᠩᠭᠡᠷᠡᠯᠲᠡ ᠲᠠᠢ ᠪᠠᠶᠢᠬᠤ ᠶᠢ ᠱᠠᠭᠠᠷᠳᠠᠭᠰᠠᠨ ᠪᠠᠶᠢᠪᠠᠯ᠂ ᠰᠢᠯᠭᠠᠭᠤᠯᠤᠭᠰᠠᠳ ᠡᠷᠬᠡᠪᠰᠢ ᠲᠣᠰ ᠬᠥᠮᠦᠨ ᠤ ᠠᠵᠢᠯᠯᠠᠭᠰᠠᠨ ︵ᠦᠢᠯᠡᠴᠢᠯᠡᠭᠰᠡᠨ︶ ᠨᠢᠭᠡᠴᠢ ᠶᠢᠨ ᠭᠡᠷᠡᠴᠢ ︵ᠭᠡᠷᠡᠴᠢ ᠳᠤ ᠨᠢᠭᠡᠴᠢ ᠶᠢᠨ ᠨᠡᠷᠡᠶᠢᠳᠦᠯ᠂ ᠠᠵᠢᠯᠯᠠᠵᠤ ᠡᠬᠢᠯᠡᠬᠦ ᠳᠠᠭᠤᠰᠤᠭᠰᠠᠨ ᠴᠠᠭ᠂ ᠨᠢᠭᠡᠴᠢ ᠶᠢᠨ ᠬᠠᠶ᠋ᠢᠭ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠣᠪᠣᠭ ᠨᠡᠷ᠎ᠡ ᠪᠠ ᠬᠠᠷᠢᠯᠴᠠᠬᠤ ᠤᠲᠠᠰᠤ ᠵᠡᠷᠭᠡ︶ ᠪᠤᠶᠤ ᠠᠵᠢᠯ ᠤᠨ ᠭᠡᠷ᠎ᠡ ᠶᠢᠨ ᠤᠭ ᠪᠢᠴᠢᠭ ᠵᠢᠴᠢ ᠬᠠᠭᠤᠯᠪᠤᠷᠢ︔ ᠠᠵᠢᠯᠲᠠᠨ ᠡᠯᠰᠡᠬᠦ ᠠᠵᠢᠯ ᠤᠨ ᠪᠠᠶᠢᠷᠢ ᠳᠤ ᠪᠤᠰᠤᠳ ᠠᠵᠢᠯ ᠤᠨ ᠥᠩᠭᠡᠷᠡᠯᠲᠡ ᠲᠠᠢ ᠪᠠᠶᠢᠬᠤ ᠢ ᠱᠠᠭᠠᠷᠳᠠᠭᠰᠠᠨ ᠪᠠᠶᠢᠪᠠᠯ᠂ ᠰᠢᠯᠭᠠᠭᠤᠯᠤᠭᠰᠠᠳ ᠡᠷᠬᠡᠪᠰᠢ ᠬᠠᠮᠢᠶ᠎ᠠ ᠪᠥᠬᠦᠶ ᠠᠵᠢᠯ ᠤᠨ ᠥᠩᠭᠡᠷᠡᠯᠲᠡ ᠶᠢᠨ ᠭᠡᠷᠡᠴᠢ ᠶᠢᠨ ᠤᠭ ᠪᠢᠴᠢᠭ ᠵᠢᠴᠢ ᠬᠠᠭᠤᠯᠪᠤᠷᠢ ᠶᠢ ᠬᠠᠩᠭᠠᠬᠤ ᠬᠡᠷᠡᠭᠲᠡᠶ᠃ ᠰᠢᠯᠭᠠᠭᠤᠯᠤᠭᠰᠠᠳ ᠠᠳᠠᠯᠢ ᠪᠤᠰᠤ ᠪᠠᠶᠢᠭᠤᠯᠭ᠎ᠠ ᠳᠤ ᠠᠵᠢᠯᠯᠠᠭᠰᠠᠨ ︵ᠦᠢᠯᠡᠴᠢᠯᠡᠭᠰᠡᠨ︶ ᠴᠠᠭ ᠬᠤᠭᠤᠴᠠᠭ᠎ᠠ ᠶᠢ ᠨᠡᠶᠢᠯᠡᠭᠦᠯᠦᠨ ᠪᠣᠳᠣᠵᠤ ᠪᠣᠯᠤᠨ᠎ᠠ᠃

    ︵7︶ ︽ᠲᠥᠷᠥᠯ ᠵᠦᠢᠯ ᠤᠨ ᠠᠵᠢᠯᠲᠠᠨ︾ ᠢ ᠬᠠᠨᠳᠤᠯᠭ᠎ᠠ ᠲᠠᠢ ᠡᠯᠰᠡᠬᠦ ᠠᠵᠢᠯ ᠤᠨ ᠪᠠᠶᠢᠷᠢ ᠳᠤ ᠰᠢᠯᠭᠠᠭᠤᠯᠤᠭᠰᠠᠳ᠂ ︽ᠦᠨᠳᠦᠰᠦᠨ ᠱᠠᠲᠤᠨ ᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ︾ ᠨᠢ ᠡᠷᠬᠡᠪᠰᠢ ᠦᠢᠯᠡᠴᠢᠯᠡᠭᠡᠨ ᠤ ᠲᠥᠷᠥᠯ ᠵᠦᠢᠯ ᠤᠨ ᠦᠨᠡᠮᠯᠡᠯ ᠤᠨ ᠤᠭ ᠪᠢᠴᠢᠭ ᠪᠣᠯᠤᠨ ᠬᠠᠭᠤᠯᠪᠤᠷᠢ ᠪᠤᠶᠤ ᠦᠢᠯᠡᠴᠢᠯᠡᠭᠡᠨ ᠤ ᠲᠥᠷᠥᠯ ᠵᠦᠢᠯ ᠤᠨ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠭᠡᠷᠡᠴᠢ ᠶᠢᠨ ᠤᠭ ᠪᠢᠴᠢᠭ ᠵᠢᠴᠢ ᠬᠠᠭᠤᠯᠪᠤᠷᠢ ᠶᠢ ᠬᠠᠩᠭᠠᠬᠤ ᠬᠡᠷᠡᠭᠲᠡᠶ︔ ︽ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠴᠡᠷᠢᠭ︾ ᠡᠷᠬᠡᠪᠰᠢ ᠴᠡᠷᠢᠭ ᠤᠨ ᠠᠯᠪᠠ ᠠᠴᠠ ᠬᠠᠯᠠᠭᠳᠠᠭᠰᠠᠨ ᠦᠨᠡᠮᠯᠡᠯ ᠤᠨ ᠤᠭ ᠪᠢᠴᠢᠭ ᠪᠣᠯᠤᠨ ᠬᠠᠭᠤᠯᠪᠤᠷᠢ ᠶᠢ ᠬᠠᠩᠭᠠᠬᠤ ᠬᠡᠷᠡᠭᠲᠡᠶ᠃

    ︵8︶ ︽ᠶᠡᠭᠡ ᠲᠡᠬᠡᠲᠤ ᠰᠤᠷᠭᠠᠭᠤᠯᠢ ᠲᠡᠭᠦᠰᠦᠭᠰᠡᠳ︾ ᠢ ᠬᠠᠨᠳᠤᠯᠭ᠎ᠠ ᠲᠠᠢ ᠡᠯᠰᠡᠬᠦ ᠠᠵᠢᠯ ᠤᠨ ᠪᠠᠶᠢᠷᠢ ᠳᠤ ᠰᠢᠯᠭᠠᠭᠤᠯᠬᠤ 2022 ᠤᠨ᠂ 2023 ᠤᠨ ᠳᠤ ᠲᠡᠭᠦᠰᠦᠭᠰᠡᠨ ᠰᠤᠷᠤᠭᠴᠢᠳ ᠡᠷᠬᠡᠪᠰᠢ ᠲᠡᠭᠦᠰᠦᠭᠰᠡᠨ ᠶᠡᠭᠡ ᠲᠡᠬᠡᠲᠦ ᠰᠤᠷᠭᠠᠭᠤᠯᠢ ︵ᠰᠠᠯᠪᠤᠷᠢ᠂ ᠳᠡᠭᠡᠳᠦ ᠰᠤᠷᠭᠠᠭᠤᠯᠢ᠂ ᠬᠡᠯᠳᠡᠰ︶ ᠡᠰᠡᠬᠦᠯ᠎ᠡ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠠᠷᠭᠠᠭᠰᠠᠨ ᠳᠠᠩᠰᠠ ᠡᠪᠬᠡᠮᠡᠯ ᠤᠨ ᠬᠠᠳᠠᠭᠠᠯᠠᠵᠤ ᠪᠠᠶᠢᠭ᠎ᠠ ᠭᠡᠷᠡᠴᠢ ᠶᠢ ᠬᠠᠩᠭᠠᠵᠤ᠂ ᠬᠠᠳᠠᠭᠠᠯᠠᠬᠤ ᠴᠠᠭ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠶ᠃

    ︵9︶ ᠰᠢᠯᠭᠠᠭᠤᠯᠤᠭᠰᠠᠳ ᠨᠢ ᠣᠷᠣᠨ ᠲᠤᠭ᠎ᠠ ᠳᠤ ᠪᠠᠶᠢᠭ᠎ᠠ ᠪᠠᠶᠢᠭᠤᠯᠭ᠎ᠠ ᠪᠤᠶᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯ᠂ ᠬᠢᠷᠢ ᠭᠡᠮ ᠤᠨ ᠳᠠᠬᠢᠨ ᠬᠢᠨᠠᠬᠤ ᠳᠤ ᠣᠷᠣᠯᠴᠠᠬᠤ ᠳᠤ᠂ ᠨᠢᠭᠡᠨᠲᠡ ᠲᠤᠷᠰᠢᠨ ᠬᠡᠷᠡᠭᠯᠡᠬᠦ ᠬᠤᠭᠤᠴᠠᠭ᠎ᠠ᠂ ᠦᠢᠯᠡᠴᠢᠯᠡᠭᠰᠡᠨ ᠨᠠᠭᠠᠳᠤ ᠵᠠᠬ᠎ᠠ ᠶᠢᠨ ᠵᠢᠯ ᠬᠤᠭᠤᠴᠠᠭ᠎ᠠ ᠶᠢᠨ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃

    ︵10︶ ᠠᠵᠢᠯ ᠤᠨ ᠪᠠᠶᠢᠷᠢ ᠳᠤ ᠱᠠᠭᠠᠷᠳᠠᠭᠳᠠᠬᠤ ᠬᠤᠯᠪᠣᠭᠳᠠᠯ ᠪᠦᠬᠦᠢ ᠪᠤᠰᠤᠳ ᠦᠨᠡᠮᠯᠡᠯ᠂ ᠭᠡᠷᠡᠴᠢ ᠶᠢᠨ ᠤᠭ ᠪᠢᠴᠢᠭ ᠪᠣᠯᠤᠨ ᠬᠠᠭᠤᠯᠪᠤᠷᠢ᠃

    5. ᠬᠢᠷᠢ ᠬᠡᠮ ᠢ ᠳᠠᠬᠢᠨ ᠬᠢᠨᠠᠬᠤ ᠳᠤ ᠰᠢᠯᠭᠠᠭᠤᠯᠤᠭᠰᠠᠳ ᠤᠨ ᠲᠠᠭᠯᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠢ ᠵᠥᠪ ᠣᠨᠣᠪᠴᠢᠲᠠᠢ ᠡᠰᠡᠬᠦ ᠶᠢ ᠭᠤᠤᠯᠳᠠᠯᠭ᠎ᠠ ᠲᠠᠢ ᠬᠢᠨᠠᠨ ᠬᠠᠷᠭᠤᠭᠤᠯᠤᠨ᠎ᠠ᠃ ᠡᠯᠰᠡᠬᠦ ᠨᠥᠬᠦᠴᠡᠯ ᠳᠤ ᠨᠡᠶᠢᠴᠡᠬᠦ ᠥᠬᠡᠶ᠂ ᠬᠤᠪᠢ ᠬᠥᠮᠦᠨ ᠪᠤᠷᠤᠭᠤ ᠲᠠᠭᠯᠠᠭᠰᠠᠨ ᠠᠴᠠ ᠪᠣᠯᠵᠣ ᠬᠤᠪᠢ ᠨᠡᠮᠡᠭᠰᠡᠨ ᠪᠠᠶᠢᠪᠠᠯ᠂ ᠲᠠᠭᠯᠠᠨ ᠮᠡᠳᠡᠭᠦᠯᠦᠭᠰᠡᠨ ᠬᠤᠪᠢ ᠬᠥᠮᠦᠨ ᠤ ᠮᠡᠳᠡᠭᠡ ᠵᠠᠩᠭᠢ ᠨᠢ ᠦᠨᠡᠮᠯᠡᠯ ᠲᠠᠢ ᠪᠠᠨ ᠨᠡᠶᠢᠴᠡᠬᠦ ᠦᠭᠡᠢ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠭᠰᠠᠨ ᠪᠤᠶᠤ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭᠠᠭᠰᠠᠨ᠂ ᠵᠢᠴᠢ ᠬᠢᠷᠢ ᠬᠡᠮ ᠢ ᠳᠠᠬᠢᠨ ᠬᠢᠨᠠᠬᠤ ᠰᠠᠯᠠᠭ᠎ᠠ ᠮᠥᠴᠢᠷ ᠤᠨ ᠵᠥᠪᠰᠢᠶᠡᠷᠡᠯ ᠥᠬᠡᠶ ᠮᠥᠷᠲᠡᠭᠡᠨ ᠲᠣᠭᠲᠠᠭᠰᠠᠨ ᠴᠠᠭ ᠤᠨ ᠳᠣᠲᠣᠷ᠎ᠠ ᠬᠢᠷᠢ ᠬᠡᠮ ᠤᠨ ᠳᠠᠬᠢᠨ ᠬᠢᠨᠠᠯᠳᠠ ᠳᠤ ᠣᠷᠣᠯᠴᠠᠭᠰᠠᠨ ᠥᠬᠡᠶ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠲᠣᠰ ᠠᠵᠢᠯ ᠤᠨ ᠪᠠᠶᠢᠷᠢ ᠶᠢᠨ ᠰᠢᠯᠭᠠᠭᠤᠯᠤᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠳᠠᠷᠠᠭᠠᠯᠠᠯ ᠢᠶᠠᠷ ᠨᠥᠬᠦᠪᠥᠷᠢᠯᠡᠵᠦ᠂ ᠵᠥᠪᠬᠡᠨ ᠨᠢᠭᠡ ᠯᠡ ᠤᠳᠠᠭ᠎ᠠ ᠨᠥᠬᠦᠪᠦᠷᠢᠯᠡᠨ᠎ᠡ᠃ ᠬᠢᠷᠢ ᠬᠡᠮ ᠢ ᠳᠠᠬᠢᠨ ᠬᠢᠨᠠᠬᠤ ᠵᠢᠴᠢ ᠳᠠᠷᠠᠭᠠᠯᠠᠨ ᠨᠥᠬᠦᠪᠦᠷᠢᠯᠡᠭᠰᠡᠨ ᠤ ᠳᠠᠷᠠᠭ᠎ᠠ 3 : 1 ᠬᠠᠷᠢᠴᠠᠯ ᠳᠤ ᠬᠥᠷᠬᠦ ᠥᠬᠡᠶ ᠪᠠᠶᠢᠪᠠᠯ᠂ ᠪᠣᠳᠠᠲᠠᠶ ᠬᠥᠮᠦᠨ ᠤ ᠲᠤᠭ᠎ᠠ ᠪᠠᠷ ᠨᠢᠭᠤᠷᠲᠠᠨ ᠰᠢᠯᠭᠠᠬᠤ ᠬᠡᠪᠴᠢᠶᠡᠨ ᠳᠤ ᠣᠷᠣᠬᠤ ᠬᠥᠮᠦᠰ ᠢ ᠲᠣᠭᠲᠠᠭᠠᠨ᠎ᠠ᠃

    ︵ᠲᠠᠪᠤ︶ ᠨᠢᠭᠤᠷᠳᠠᠨ ᠰᠢᠯᠭᠠᠬᠤ

    1. ᠨᠢᠭᠤᠷᠲᠠᠨ ᠰᠢᠯᠭᠠᠬᠤ ᠴᠠᠭ ᠢ ᠠᠰ ᠲᠤᠨᠢ ᠮᠡᠳᠡᠭᠳᠡᠨ᠂ ᠡᠯᠰᠡᠬᠦ ᠳᠤ ᠣᠷᠣᠯᠴᠠᠭᠰᠠᠳ ᠨᠡᠷ᠎ᠡ ᠮᠡᠳᠡᠭᠦᠯᠬᠦ ᠰᠦᠯᠵᠢᠶ᠎ᠡ ᠶᠢ ᠴᠠᠭ ᠢᠮᠠᠭᠲᠠ ᠠᠩᠬᠠᠷᠴᠤ᠂ ᠨᠢᠭᠤᠷᠳᠠᠨ ᠰᠢᠯᠭᠠᠬᠤ ᠭᠠᠵᠠᠷ ᠢ ᠬᠥᠬᠡᠬᠤᠲᠠ ᠳᠤ ᠲᠣᠬᠢᠷᠠᠭᠤᠯᠤᠨ᠎ᠠ᠃ ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠰᠠᠳ ︽ᠨᠢᠭᠤᠷᠲᠠᠨ ᠰᠢᠯᠭᠠᠬᠤ ᠮᠡᠳᠡᠭᠳᠡᠯ ᠤᠨ ᠪᠢᠴᠢᠭ︾ ᠵᠢᠴᠢ ᠪᠡᠶ᠎ᠡ ᠶᠢᠨ ᠦᠨᠡᠮᠯᠡᠯ ︵ᠪᠤᠶᠤ ᠫᠠᠰᠫᠣᠷᠲ︶ ᠢᠶᠠᠨ ᠠᠪᠴᠤ ᠲᠣᠭᠲᠠᠭᠰᠠᠨ ᠴᠠᠭ ᠪᠠ ᠭᠠᠵᠠᠷ ᠲᠤ ᠨᠢᠭᠤᠷᠲᠠᠨ ᠰᠢᠯᠭᠠᠬᠤ ᠳᠤ ᠣᠷᠣᠯᠴᠠᠨ᠎ᠠ᠃ ᠲᠣᠭᠲᠠᠭᠰᠠᠨ ᠴᠠᠭ ᠲᠠᠭᠠᠨ ᠨᠢᠭᠤᠷᠳᠠᠨ ᠰᠢᠯᠭᠠᠯᠲᠠ ᠳᠤ ᠣᠷᠣᠯᠴᠠᠵᠤ ᠳᠡᠶᠢᠯᠬᠦ ᠦᠭᠡᠢ ᠪᠣᠯ ᠥᠪᠡᠷ ᠢᠶᠠᠨ ᠪᠣᠯᠢᠭᠰᠠᠨ ᠢᠶᠠᠷ ᠦᠵᠡᠨ᠎ᠡ᠃

    2. ᠨᠢᠭᠤᠷᠲᠠᠨ ᠰᠢᠯᠭᠠᠯᠲᠠ ᠶᠢ ᠪᠦᠲᠦᠴᠡᠲᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠦᠬᠦ ᠬᠤᠪᠢ 100 ᠬᠤᠪᠢ᠃ ᠪᠣᠳᠠᠲᠠᠶ ᠲᠠᠯᠠᠪᠠᠶ ᠳᠤ ᠬᠦᠷᠴᠦ ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠨ ᠤ ᠲᠤᠭ᠎ᠠ ᠨᠢ ᠲᠣᠰ ᠠᠵᠢᠯ ᠤᠨ ᠪᠠᠶᠢᠷᠢ ᠶᠢᠨ ᠪᠣᠳᠠᠲᠠᠶ ᠡᠯᠰᠡᠬᠦ ᠲᠥᠯᠥᠪᠯᠡᠭᠡ ᠶᠢᠨ ᠲᠤᠭ᠎ᠠ ᠲᠠᠢ ᠠᠳᠠᠯᠢ ᠪᠣᠯᠬᠤ ᠠᠵᠢᠯ ᠤᠨ ᠪᠠᠶᠢᠷᠢ ᠂ ᠲᠣᠰ ᠠᠵᠢᠯ ᠤᠨ ᠪᠠᠶᠢᠷᠢ ᠳᠤ ᠰᠢᠯᠭᠠᠭᠤᠯᠤᠭᠰᠠᠳ ᠤᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠨᠢ ᠲᠣᠰ ᠬᠥᠮᠦᠨ ᠤ ᠨᠢᠭᠤᠷᠲᠠᠨ ᠰᠢᠯᠭᠠᠭᠰᠠᠨ ᠰᠢᠯᠭᠠᠯᠲᠠ ᠶᠢᠨ ᠲᠠᠯᠠᠪᠠᠶ ︵ᠠᠳᠠᠯᠢ ᠰᠢᠯᠭᠠᠯᠲᠠ ᠶᠢᠨ ᠰᠡᠳᠦᠪ᠂ ᠠᠳᠠᠯᠢ ᠰᠢᠯᠭᠠᠭᠤᠯᠤᠭᠴᠢ ᠶᠢᠨ ᠳᠤᠭᠤᠶᠢᠯᠠᠩ︶ ᠶᠢᠨ ᠪᠦᠬᠦ ᠰᠢᠯᠭᠠᠭᠤᠯᠤᠭᠰᠠᠳ ᠨᠢᠭᠤᠷᠲᠠᠨ ᠰᠢᠯᠭᠠᠭᠰᠠᠨ ᠳᠤᠮᠳᠠᠴᠢ ᠬᠢᠷᠢ ᠪᠦᠲᠦᠮᠵᠢ ᠳᠤ ᠬᠥᠷᠪᠡᠯ ᠰᠠᠶ᠋ᠢ ᠲᠠᠷᠠᠭᠠᠴᠢ ᠶᠢᠨ ᠠᠯᠬᠤᠮ ᠳᠤ ᠣᠷᠣᠵᠤ ᠪᠣᠯᠤᠨ᠎ᠠ᠃

    3. ᠰᠢᠯᠭᠠᠭᠤᠯᠤᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠨᠡᠷ᠎ᠡ ᠮᠡᠳᠡᠭᠦᠯᠬᠦ ᠰᠦᠯᠵᠢᠶᠡᠨ ᠳᠤ ᠨᠡᠶᠢᠲᠡᠯᠡᠨ᠎ᠡ᠃

    ︵ᠵᠢᠷᠭᠤᠭ᠎ᠠ︶ ᠶᠡᠷᠦᠩᠬᠡᠢ ᠬᠢᠷᠢ ᠪᠦᠳᠦᠮᠵᠢ ᠶᠢ ᠪᠤᠳᠤᠬᠤ

ᠪᠢᠷ ᠤᠨ ᠰᠢᠯᠭᠠᠯᠲᠠ ᠶᠢᠨ ᠬᠢᠷᠢ ᠪᠦᠲᠦᠮᠵᠢ 50% ᠶᠢ ᠡᠵᠡᠯᠡᠬᠦ᠂ ᠨᠢᠭᠤᠷᠳᠠᠨ ᠰᠢᠯᠭᠠᠭᠰᠠᠨ ᠬᠢᠷᠢ ᠪᠦᠲᠦᠮᠵᠢ 50% ᠶᠢ ᠡᠵᠡᠯᠡᠬᠦ ᠬᠠᠷᠢᠴᠠᠯ ᠢᠶᠠᠷ ᠶᠡᠷᠦᠩᠬᠡᠶ ᠬᠢᠷᠢ ᠪᠦᠲᠦᠮᠵᠢ ᠶᠢ ᠨᠡᠶᠢᠯᠡᠭᠦᠯᠵᠦ ᠭᠠᠷᠭᠠᠨ᠎ᠠ᠃

ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠬᠢᠷᠢ ᠪᠦᠲᠦᠮᠵᠢ × 50% + ᠨᠢᠭᠤᠷᠲᠠᠨ ᠰᠢᠯᠭᠠᠭᠰᠠᠨ ᠬᠢᠷᠢ ᠪᠦᠲᠦᠮᠵᠢ × 50%᠃

    ᠰᠢᠯᠭᠠᠭᠤᠯᠤᠭᠰᠠᠳ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠪᠠ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ︵ᠳᠥᠷᠪᠡ ᠶᠢ ᠬᠠᠶᠠᠵᠤ ᠲᠠᠪᠤ ᠶᠢ ᠳᠡᠪᠰᠢᠭᠦᠯᠵᠦ᠂ ᠠᠷᠪᠠᠲᠤ ᠶᠢᠨ ᠴᠡᠭ ᠤᠨ ᠬᠤᠶᠢᠨᠠᠬᠢ 3 ᠣᠷᠣᠨ ᠢ ᠦᠯᠡᠳᠡᠭᠡᠨ᠎ᠡ︶ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃

    ︵ᠳᠤᠯᠤᠭ᠎ᠠ︶ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ

    1. ᠪᠡᠶ᠎ᠡ ᠶᠢᠨ ᠪᠠᠶᠢᠴᠠᠭᠠᠯᠲᠠ

    ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠣᠯᠤᠨ ᠪᠠᠷᠢᠮᠵᠢᠶ᠎ᠠ ᠶᠢ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ᠂ ᠲᠣᠭᠲᠠᠭᠰᠠᠨ ᠴᠠᠭ ᠤᠨ ᠳᠣᠲᠣᠷ᠎ᠠ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠥᠬᠡᠶ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠦᠨᠡᠨ ᠪᠣᠳᠠᠲᠠᠶ ᠪᠠᠶᠢᠳᠠᠯ ᠢᠶᠠᠨ ᠨᠢᠭᠤᠨ ᠳᠠᠯᠳᠠᠯᠠᠭᠰᠠᠨ ᠰᠢᠯᠭᠠᠭᠤᠯᠤᠭᠰᠠᠳ ᠤᠨ ᠡᠯᠰᠡᠵᠦ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠵᠣᠬᠢᠴᠠᠩᠭᠤᠶ ᠰᠢᠢᠳᠪᠦᠷᠢᠯᠡᠨ᠎ᠡ ᠃ ᠲᠤᠰ ᠠᠵᠢᠯ ᠤᠨ ᠪᠠᠶᠢᠷᠢ ᠳᠤ ᠰᠢᠯᠭᠠᠭᠤᠯᠤᠭᠰᠠᠳ ᠤᠨ ᠶᠡᠷᠦᠩᠬᠡᠶ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠳᠡᠰ ᠳᠠᠷᠠᠭᠠᠯᠠᠯ ᠢᠶᠠᠷ ᠨᠥᠬᠦᠪᠥᠷᠢᠯᠡᠵᠦ᠂ ᠵᠥᠪᠬᠡᠨ ᠨᠢᠭᠡ ᠯᠡ ᠤᠳᠠᠭ᠎ᠠ ᠨᠥᠬᠦᠪᠦᠷᠢᠯᠡᠨ᠎ᠡ᠃

    2. ᠰᠢᠨᠵᠢᠯᠡᠨ ᠪᠠᠶᠢᠴᠠᠭᠠᠬᠤ

    ᠰᠢᠨᠵᠢᠯᠡᠨ ᠪᠠᠶᠢᠴᠠᠭᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠥᠮᠦᠨ ᠬᠡᠷᠡᠭᠯᠡᠬᠦ ᠨᠢᠭᠡᠴᠢ ᠶᠢ ᠵᠣᠬᠢᠶᠠᠨ ᠪᠠᠶᠢᠭᠤᠯᠵᠤ ᠪᠣᠳᠠᠲᠠᠶ ᠬᠡᠷᠡᠭᠵᠢᠭᠦᠯᠦᠨ᠎ᠡ᠃ ᠰᠢᠨᠵᠢᠯᠡᠨ ᠪᠠᠶᠢᠴᠠᠭᠠᠭᠳᠠᠬᠤ ᠡᠲᠡᠭᠡᠳ ᠨᠢ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠰᠠᠳ᠃ ᠰᠢᠯᠭᠠᠨ ᠪᠠᠶᠢᠴᠠᠭᠠᠬᠤ ᠠᠵᠢᠯ ᠨᠢ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠬᠤ ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠭᠰᠡᠨ ᠳᠤ ᠨᠡᠶᠢᠴᠡᠬᠦ ᠡᠰᠡᠬᠦ᠂ ︽ᠭᠤᠷᠪᠠᠨ ᠰᠠᠯᠵᠤ ᠴᠢᠳᠠᠬᠤ ᠥᠬᠡᠶ︾ ᠂ ︽ᠲᠠᠪᠤᠨ ᠮᠡᠳᠡᠷᠡᠮᠵᠢ︾ ᠶᠢ ᠦᠨᠡᠨ ᠬᠦ ᠴᠢᠩᠭᠠᠳᠬᠠᠬᠤ ᠵᠡᠷᠭᠡ ᠤᠯᠤᠰ ᠲᠥᠷᠥ ᠶᠢᠨ ᠱᠠᠭᠠᠷᠳᠠᠯᠭ᠎ᠠ ᠶᠢ ᠪᠠᠲᠤ ᠴᠡᠭᠡᠵᠢᠯᠡᠵᠦ ᠪᠠᠶᠢᠬᠤ ᠡᠰᠡᠬᠦ ᠶᠢ ᠭᠤᠣᠯᠳᠠᠭ᠎ᠠ ᠲᠠᠢ ᠰᠢᠨᠵᠢᠯᠡᠨ ᠪᠠᠶᠢᠴᠠᠭᠠᠵᠤ᠂ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠬᠦ ᠥᠬᠡᠶ ᠬᠥᠮᠦᠰ ᠢ ᠡᠷᠡᠰ ᠡᠯᠰᠡᠨ ᠬᠡᠷᠡᠭᠯᠡᠬᠦ ᠦᠭᠡᠢ᠃

    ᠰᠢᠨᠵᠢᠯᠡᠨ ᠪᠠᠶᠢᠴᠠᠭᠠᠬᠤ ᠠᠭᠤᠯᠭ᠎ᠠ ᠳᠤ ᠭᠤᠤᠯᠳᠠᠭᠤ ᠰᠢᠯᠭᠠᠭᠤᠯᠤᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠵᠢᠴᠢ ᠵᠠᠶᠢᠯᠠᠬᠤ ᠴᠢᠬᠤᠯᠠᠲᠠᠶ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ᠃ ᠡᠩ ᠤᠨ ᠪᠠᠶᠢᠳᠠᠯ ᠳᠤ ᠲᠤᠰᠬᠠᠶ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠨᠵᠢᠯᠡᠨ ᠪᠠᠶᠢᠴᠠᠭᠠᠬᠤ ᠬᠥᠮᠦᠰ ᠲᠠᠢ ᠨᠢᠭᠤᠷᠳᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠠᠪᠬᠤ ᠶᠢᠨ ᠬᠠᠮᠲᠤ ᠪᠣᠳᠠᠲᠠᠶ ᠰᠢᠨᠵᠢᠯᠡᠨ ᠪᠠᠶᠢᠴᠠᠭᠠᠭᠰᠠᠨ ᠳ᠋ᠦᠩᠨᠡᠯᠲᠡ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠬᠢᠨᠠᠨ ᠬᠠᠷᠭᠤᠭᠤᠯᠤᠭᠠᠳ ᠪᠤᠷᠤᠭᠤ ᠥᠬᠡᠶ ᠪᠣᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ᠃

    ᠰᠢᠯᠭᠠᠭᠤᠯᠤᠭᠰᠠᠳ ᠢ ᠰᠢᠨᠵᠢᠯᠡᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠵᠤ᠂ ᠡᠯᠰᠡᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ ᠰᠢᠨᠵᠢᠯᠡᠨ ᠪᠠᠶᠢᠴᠠᠭᠠᠬᠤ ᠱᠠᠲᠤᠨ ᠳᠤ ᠬᠤᠪᠢ ᠬᠥᠮᠦᠨ ᠤ ᠰᠢᠯᠲᠠᠭᠠᠨ ᠠᠴᠠ ᠪᠣᠯᠵᠤ ᠬᠠᠶᠠᠭᠰᠠᠨ ᠪᠤᠶᠤ ᠰᠢᠨᠵᠢᠯᠡᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠠᠴᠠ ᠪᠣᠯᠵᠤ ᠠᠵᠢᠯ ᠤᠨ ᠪᠠᠶᠢᠷᠢ ᠶᠢᠨ ᠣᠷᠣᠨ ᠲᠤᠭ᠎ᠠ ᠶᠢᠨ ᠬᠤᠭᠤᠰᠣᠨ ᠣᠷᠣ ᠭᠠᠷᠤᠭᠰᠠᠨ ᠪᠠᠶᠢᠪᠠᠯ᠂ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠬᠦᠷᠲᠡᠯ᠎ᠡ ᠲᠠᠰ ᠳᠠᠷᠠᠭᠠᠯᠠᠨ ᠨᠢᠭᠡ ᠤᠳᠠᠭ᠎ᠠ ᠨᠥᠬᠦᠪᠦᠷᠢᠯᠡᠨ᠎ᠡ᠃

    ︵ᠨᠠᠢᠮᠠ︶ ᠵᠠᠷᠯᠠᠨ ᠨᠡᠶᠢᠲᠡᠯᠡᠬᠦ ᠪᠠ ᠡᠯᠰᠡᠨ ᠬᠡᠷᠡᠭᠯᠡᠬᠦ

    1. ᠢᠯᠡ ᠨᠡᠶᠢᠲᠡᠯᠡᠬᠦ

    ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠨᠡᠷᠡᠰ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠨ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃

    2. ᠡᠯᠰᠡᠨ ᠬᠡᠷᠡᠭᠯᠡᠬᠦ

    ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠪᠡᠯ᠂ ᠠᠰᠠᠭᠤᠳᠠᠯ ᠦᠭᠡᠢ ᠪᠤᠶᠤ ᠲᠤᠰᠬᠠᠭᠰᠠᠨ ᠠᠰᠠᠭᠤᠳᠠᠯ ᠨᠢ ᠡᠯᠰᠡᠨ ᠬᠡᠷᠡᠭᠯᠡᠬᠦ ᠶᠢ ᠨᠥᠯᠥᠭᠡᠯᠡᠬᠦ ᠦᠭᠡᠢ ᠪᠣᠯ᠂ ᠡᠯᠰᠡᠨ ᠬᠡᠷᠡᠭᠯᠡᠬᠦ ᠭᠠᠷᠳᠠᠮ ᠭᠦᠢᠴᠡᠳᠬᠡᠨ᠎ᠡ᠃ ᠬᠦᠨᠳᠦ ᠨᠣᠴᠢᠲᠠᠶ ᠲᠤᠰᠬᠠᠯ ᠲᠠᠢ ᠪᠠᠶᠢᠬᠤ ᠶᠢᠨ ᠬᠠᠮᠲᠤ ᠪᠠᠶᠢᠴᠠᠭᠠᠭᠰᠠᠨ ᠪᠣᠳᠠᠲᠤ ᠭᠡᠷᠡᠴᠢ ᠲᠠᠢ ᠪᠣᠯ ᠡᠯᠰᠡᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ ᠲᠤᠰ ᠠᠵᠢᠯ ᠤᠨ ᠪᠠᠶᠢᠷᠢ ᠳᠤ ᠰᠢᠯᠭᠠᠭᠤᠯᠤᠭᠰᠠᠳ ᠤᠨ ᠶᠡᠷᠦᠩᠬᠡᠶ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠳᠡᠰ ᠳᠠᠷᠠᠭᠠᠯᠠᠯ ᠢᠶᠠᠷ ᠨᠥᠬᠦᠪᠥᠷᠢᠯᠡᠵᠦ᠂ ᠵᠥᠪᠬᠡᠨ ᠨᠢᠭᠡ ᠯᠡ ᠤᠳᠠᠭ᠎ᠠ ᠨᠥᠬᠦᠪᠦᠷᠢᠯᠡᠨ᠎ᠡ᠃ ᠲᠤᠰᠬᠠᠭᠰᠠᠨ ᠠᠰᠠᠭᠤᠳᠠᠯ ᠨᠢ ᠬᠦᠨᠳᠦ ᠨᠣᠴᠢᠲᠠᠶ ᠪᠣᠯᠪᠠᠴᠤ ᠲᠦᠷ ᠴᠠᠭ ᠪᠠᠶᠢᠴᠠᠭᠠᠨ ᠲᠣᠳᠣᠯᠠᠬᠤ ᠳᠤ ᠪᠡᠷᠬᠡᠲᠡᠶ ᠪᠣᠯ᠂ ᠲᠦᠷ ᠴᠠᠭ ᠡᠯᠰᠡᠨ ᠬᠡᠷᠡᠭᠯᠡᠬᠦ ᠶᠢ ᠨᠢ ᠬᠤᠶᠢᠰᠢᠯᠠᠭᠤᠯᠵᠤ᠂ ᠪᠠᠶᠢᠴᠠᠭᠠᠨ ᠲᠣᠳᠣᠯᠠᠬᠤ ᠶᠢᠨ ᠬᠠᠮᠲᠤ ᠳ᠋ᠦᠩᠨᠡᠯᠲᠡ ᠭᠠᠷᠭᠠᠭᠰᠠᠨ ᠤ ᠳᠠᠷᠠᠭ᠎ᠠ ᠡᠯᠰᠡᠨ ᠬᠡᠷᠡᠭᠯᠡᠬᠦ ᠡᠰᠡᠬᠦ ᠶᠢ ᠲᠣᠭᠲᠠᠭᠠᠨ᠎ᠠ᠃

    ᠡᠯᠰᠡᠬᠦ ᠳᠤ ᠣᠷᠣᠯᠴᠠᠭᠰᠠᠳ ᠤᠨ ᠬᠢᠷᠢ ᠭᠡᠮ ᠤᠨ ᠬᠢᠨᠠᠨ ᠪᠠᠶᠢᠴᠠᠭᠠᠯᠲᠠ ᠶᠢ ᠢᠯᠡ ᠪᠠᠷ ᠡᠯᠰᠡᠬᠦ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠡᠯᠰᠡᠨ ᠬᠡᠷᠡᠭᠯᠡᠬᠦ ᠪᠠᠷ ᠪᠠᠶᠢᠭ᠎ᠠ ᠬᠥᠮᠦᠰ ᠲᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠯᠰᠡᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠄

    ︵1︶ ᠲᠤᠰ ᠵᠢᠯ ᠳᠤ ᠲᠡᠭᠦᠰᠦᠭᠰᠡᠨ ᠰᠤᠷᠤᠭᠴᠢ ᠬᠤᠭᠤᠴᠠᠭ᠎ᠠ ᠶᠣᠰᠣᠭᠠᠷ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠵᠤ ᠴᠢᠳᠠᠭᠰᠠᠨ ᠦᠭᠡᠢ︔

    ︵2︶ ᠡᠯᠰᠡᠨ ᠬᠡᠷᠡᠭᠯᠡᠬᠦ ᠲᠠᠩᠰᠠᠯᠠᠭᠤᠯᠬᠤ ᠭᠠᠷᠳᠠᠮ ᠢ ᠭᠦᠢᠴᠡᠳᠬᠡᠬᠦ ᠠᠴᠠ ᠡᠮᠦᠨ᠎ᠡ ᠪᠤᠰᠤᠳ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠳᠤ ᠰᠢᠨ᠎ᠡ ᠪᠠᠷ ᠡᠯᠰᠡᠭᠳᠡᠭᠰᠡᠨ ᠵᠢᠴᠢ ᠪᠦᠬᠦᠯᠢ ᠡᠳᠦᠷ ᠤᠨ ᠳᠦᠷᠢᠮᠲᠦ ᠰᠤᠷᠤᠭᠴᠢ ᠪᠠᠷ ᠡᠯᠰᠡᠭᠳᠡᠭᠰᠡᠨ︔

    ︵3︶ ᠲᠤᠷᠰᠢᠨ ᠬᠡᠷᠡᠭᠯᠡᠬᠦ ᠬᠤᠭᠤᠴᠠᠭ᠎ᠠ ᠪᠤᠶᠤ ᠬᠤᠭᠤᠴᠠᠭ᠎ᠠ ᠨᠢ ᠳᠦᠭᠦᠷᠴᠦ ᠰᠢᠯᠭᠠᠨ ᠬᠢᠨᠠᠭᠠᠳ ᠬᠢᠷᠢ ᠲᠡᠩᠴᠡᠭᠰᠡᠨ ᠦᠭᠡᠶ︔

    ︵4︶ ᠢᠯᠡ ᠪᠠᠷ ᠡᠯᠰᠡᠬᠦ ᠶᠠᠪᠤᠴᠠ ᠳᠤ ᠮᠡᠳᠡᠭᠡ ᠵᠠᠩᠭᠢ ᠨᠢ ᠦᠨᠡᠨ ᠪᠣᠳᠠᠲᠠᠢ ᠪᠤᠰᠤ᠂ ᠨᠥᠬᠦᠴᠡᠯ ᠨᠢ ᠨᠡᠶᠢᠴᠡᠬᠦ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠡᠯᠰᠡᠨ ᠬᠡᠷᠡᠭᠯᠡᠬᠦ ᠶᠢ ᠨᠥᠯᠥᠭᠡᠯᠡᠭᠰᠡᠨ᠃

    ᠬᠦᠮᠦᠨ ᠬᠡᠷᠡᠭᠯᠡᠬᠦ ᠨᠢᠭᠡᠴᠢ ᠨᠢ ᠰᠢᠯᠭᠠᠭᠤᠯᠤᠭᠰᠠᠳ ᠲᠠᠢ ᠡᠯᠰᠡᠨ ᠬᠡᠷᠡᠭᠯᠡᠬᠦ ᠭᠡᠷ᠎ᠡ ᠲᠣᠭᠲᠠᠭᠠᠬᠤ᠃ ᠡᠯᠰᠡᠨ ᠬᠡᠷᠡᠭᠯᠡᠬᠦ ᠭᠡᠷ᠎ᠡ ᠳᠤ᠂ ᠬᠥᠮᠦᠨ ᠬᠡᠷᠡᠭᠯᠡᠬᠦ ᠨᠢᠭᠡᠴᠢ ᠨᠢ ᠡᠯᠰᠡᠭᠳᠡᠭᠰᠡᠳ ᠲᠠᠢ ᠲᠤᠷᠰᠢᠨ ᠬᠡᠷᠡᠭᠯᠡᠬᠦ ᠬᠤᠭᠤᠴᠠᠭ᠎ᠠ ᠪᠠᠨ ᠪᠣᠯᠵᠣᠨ ᠲᠣᠭᠲᠠᠬᠤ ᠬᠡᠷᠡᠭᠲᠡᠶ᠃ ᠰᠢᠨ᠎ᠡ ᠪᠠᠷ ᠡᠯᠰᠡᠭᠳᠡᠭᠰᠡᠳ ᠨᠢ ᠠᠩᠬ᠎ᠠ ᠤᠳᠠᠭ᠎ᠠ ᠠᠵᠢᠯ ᠣᠯᠤᠭᠰᠠᠨ ᠳᠤ ᠬᠠᠷᠢᠶᠠᠯᠠᠭᠳᠠᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ︔ ᠪᠤᠰᠤᠳ ᠡᠯᠰᠡᠭᠳᠡᠭᠰᠡᠳ ᠤᠨ ᠲᠤᠷᠰᠢᠨ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠣᠤᠷ᠎ᠠ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ᠂ ᠪᠠᠶᠢᠳᠠᠯ ᠨᠢ ᠣᠨᠴᠠᠭᠠᠢ ᠪᠣᠯ ᠤᠷᠲᠤᠳᠬᠠᠵᠤ ᠪᠣᠯᠤᠨ᠎ᠠ᠂ ᠭᠡᠪᠡᠴᠦ ᠬᠠᠮᠤᠭ ᠤᠨ ᠤᠷᠲᠤ ᠳᠠᠭᠠᠨ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ᠃ ᠲᠤᠷᠰᠢᠨ ᠬᠡᠷᠡᠭᠯᠡᠬᠦ ᠬᠤᠭᠤᠴᠠᠭ᠎ᠠ ᠶᠢ ᠡᠯᠰᠡᠨ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠭᠠᠵᠤ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ ᠬᠢᠷᠢ ᠲᠡᠩᠴᠡᠭᠰᠡᠳ ᠢ ᠵᠢᠩᠬᠢᠨᠢ ᠪᠠᠷ ᠡᠯᠰᠡᠨ ᠬᠡᠷᠡᠭᠯᠡᠨ᠎ᠡ︔ ᠲᠤᠷᠰᠢᠨ ᠬᠡᠷᠡᠭᠯᠡᠬᠦ ᠬᠤᠭᠤᠴᠠᠭ᠎ᠠ ᠳᠤ ᠪᠤᠶᠤ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠨ ᠦᠭᠡᠶ ᠪᠣᠯ ᠡᠯᠰᠡᠨ ᠬᠡᠷᠡᠭᠯᠡᠬᠦ ᠶᠢ ᠨᠢ ᠬᠦᠴᠦᠨ ᠦᠭᠡᠶ ᠪᠣᠯᠭᠠᠨ᠎ᠠ᠃

    ︵ᠶᠢᠰᠦ︶ ᠪᠤᠰᠤᠳ ᠱᠠᠭᠠᠷᠳᠠᠯᠭ᠎ᠠ

    1. ᠡᠯᠰᠡᠨ ᠬᠡᠷᠡᠭᠯᠡᠬᠦ ᠭᠠᠷᠳᠠᠮ ᠭᠦᠢᠴᠡᠳᠬᠡᠭᠰᠡᠨ ᠤ ᠳᠠᠷᠠᠭ᠎ᠠ᠂ ᠥᠪᠡᠷ ᠢᠶᠠᠨ ᠪᠣᠯᠢᠭᠰᠠᠨ ᠪᠤᠶᠤ ᠡᠯᠰᠡᠨ ᠬᠡᠷᠡᠭᠯᠡᠬᠦ ᠶᠢ ᠬᠦᠴᠦᠨ ᠦᠭᠡᠢ ᠪᠣᠯᠭᠠᠭᠰᠠᠨ ᠠᠴᠠ ᠪᠣᠯᠵᠤ ᠠᠵᠢᠯ ᠤᠨ ᠪᠠᠶᠢᠷᠢ ᠨᠢ ᠬᠤᠭᠤᠰᠤᠨ ᠪᠣᠯᠤᠭᠰᠠᠨ ᠪᠣᠯ ᠳᠠᠬᠢᠵᠤ ᠨᠥᠬᠦᠪᠥᠷᠢᠯᠡᠬᠦ ᠦᠭᠡᠶ᠃

    2. ᠰᠢᠯᠭᠠᠭᠤᠯᠤᠭᠰᠠᠳ ᠠᠵᠢᠯ ᠤᠨ ᠪᠠᠶᠢᠷᠢ ᠪᠠᠨ ᠪᠣᠯᠭᠤᠮᠵᠢᠲᠠᠶ ᠰᠣᠩᠭᠤᠵᠤ᠂ ᠪᠢᠷ ᠤᠨ ᠰᠢᠯᠭᠠᠯᠲᠠ᠂ ᠬᠢᠷᠢ ᠬᠡᠮ ᠢ ᠳᠠᠬᠢᠨ ᠬᠢᠨᠠᠬᠤ ᠠᠴᠠ ᠭᠠᠳᠠᠨ᠎ᠠ᠂ ᠪᠤᠰᠤᠳ ᠠᠯᠬᠤᠮ ᠳᠤ ᠪᠣᠯᠢᠭᠰᠠᠨ ᠪᠣᠯ ᠳᠠᠩᠰᠠᠯᠠᠵᠤ ᠲᠡᠮᠳᠡᠭᠯᠡᠨ᠎ᠡ᠃

    3. ᠰᠢᠯᠭᠠᠭᠤᠯᠤᠭᠰᠠᠳ ᠲᠣᠰ ︽ᠠᠯᠪᠠᠨ ᠵᠠᠷ︾ ᠪᠠ ︽ᠠᠵᠢᠯ ᠤᠨ ᠪᠠᠶᠢᠷᠢ ᠶᠢᠨ ᠬᠦᠰᠦᠨᠦᠭᠲᠦ︾ ᠳᠠᠬᠢ ᠬᠤᠯᠪᠣᠭᠳᠠᠯ ᠪᠥᠬᠦᠶ ᠡᠯᠰᠡᠬᠦ ᠱᠠᠭᠠᠷᠳᠠᠯᠭ᠎ᠠ ᠪᠠ ᠬᠢᠷᠢ ᠬᠡᠮ ᠤᠨ ᠨᠥᠬᠦᠴᠡᠯ ᠢ ᠨᠠᠷᠢᠨ ᠬᠢᠨᠠᠮᠠᠭᠠᠶ ᠤᠩᠰᠢᠵᠤ᠂ ᠬᠤᠪᠢ ᠬᠥᠮᠦᠨ ᠤ ᠪᠠᠶᠢᠳᠠᠯ ᠲᠠᠢ ᠬᠠᠷᠭᠤᠭᠤᠯᠤᠨ ᠨᠥᠬᠦᠴᠡᠯ ᠳᠤ ᠨᠡᠶᠢᠴᠡᠬᠦ ᠠᠵᠢᠯ ᠤᠨ ᠪᠠᠶᠢᠷᠢ ᠶᠢ ᠰᠣᠩᠭᠤᠵᠤ ᠣᠷᠣᠯᠴᠠᠭᠠᠷᠠᠢ᠃ ᠠᠳᠡ᠂ ᠰᠢᠯᠭᠠᠭᠤᠯᠤᠭᠰᠠᠳ ᠲᠤ ᠰᠠᠨᠠᠭᠤᠯᠬᠤ ᠨᠢ᠂ ᠬᠤᠪᠢ ᠬᠥᠮᠦᠨ ᠳᠤ ᠬᠠᠷᠢᠭᠤᠴᠠᠬᠤ ᠣᠪᠣᠷ ᠢᠶᠠᠷ ᠠᠵᠢᠯ ᠤᠨ ᠪᠠᠶᠢᠷᠢ ᠪᠠᠨ ᠨᠠᠷᠢᠨ ᠬᠢᠨᠠᠮᠠᠭᠠᠶ ᠰᠣᠩᠭᠤᠬᠤ ᠪᠠ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠬᠡᠷᠡᠭᠲᠡᠶ᠂ ᠬᠠᠰᠢ ᠶᠠᠰᠢ᠂ ᠬᠤᠳᠠᠯ ᠬᠡᠯᠡᠵᠦ ᠬᠠᠭᠤᠷᠮᠠᠭᠯᠠᠨ᠂ ᠪᠠᠶᠢᠳᠠᠯ ᠢᠶᠠᠨ ᠨᠢᠭᠤᠨ ᠳᠠᠯᠳᠠᠯᠠᠵᠤ ᠪᠣᠯᠬᠤ ᠥᠬᠡᠶ᠂ ᠡᠰᠡ ᠲᠡᠭᠡᠪᠡᠯ ᠡᠭᠦᠨ ᠠᠴᠠ ᠪᠣᠯᠤᠭᠰᠠᠨ ᠦᠷ᠎ᠡ ᠳ᠋ᠦᠩ ᠢ ᠰᠢᠯᠭᠠᠭᠤᠯᠤᠭᠰᠠᠳ ᠥᠪᠡᠷ ᠢᠶᠠᠨ ᠡᠭᠦᠷᠭᠡᠯᠡᠨ᠎ᠡ᠃

    4. ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠣᠷᠣᠭᠤᠯᠤᠭᠰᠠᠨ ᠰᠢᠯᠭᠠᠭᠤᠯᠤᠭᠰᠠᠳ ᠤᠨ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠵᠣᠬᠢᠴᠠᠩᠭᠤᠶ ᠰᠢᠢᠳᠪᠦᠷᠢᠯᠡᠨ᠎ᠡ᠃

    5. ᠲᠣᠰ ᠤᠳᠠᠭᠠᠨ ᠤ ᠠᠵᠢᠯᠲᠠᠨ ᠡᠯᠰᠡᠬᠦ ᠪᠢᠷ ᠤᠨ ᠰᠢᠯᠭᠠᠯᠲᠠ᠂ ᠨᠢᠭᠤᠷᠳᠠᠨ ᠰᠢᠯᠭᠠᠯᠲᠠ ᠳᠤ ᠴᠥᠮ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠨᠣᠮ ᠲᠣᠭᠲᠠᠭᠠᠭᠰᠠᠨ ᠥᠬᠡᠶ᠂ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠪᠣᠯᠪᠠᠰᠤᠷᠠᠯ ᠤᠨ ᠠᠩᠭᠢ ᠡᠷᠭᠢᠯᠡᠬᠦ ᠥᠬᠡᠶ᠃ ᠨᠡᠶᠢᠭᠡᠮ ᠳᠡᠭᠡᠷ᠎ᠡ ᠢᠯᠡᠷᠡᠭᠰᠡᠨ ᠠᠵᠢᠯ ᠦᠢᠯᠡᠰ ᠤᠨ ᠨᠢᠭᠡᠴᠢ ᠶᠢᠨ ᠰᠢᠯᠭᠠᠯᠲᠠ ᠶᠢᠨ ᠰᠡᠳᠦᠪ ᠤᠨ ᠳᠤᠭᠤᠶᠢᠯᠠᠩ᠂ ᠲᠤᠰᠬᠠᠶ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠨᠡᠷ᠎ᠡ ᠪᠠᠷ ᠡᠷᠭᠢᠯᠡᠭᠰᠡᠨ ᠬᠠᠪᠰᠤᠷᠤᠨ ᠵᠢᠯᠣᠭᠤᠳᠬᠤ ᠠᠩᠭᠢ ᠵᠡᠷᠭᠡ ᠨᠢ ᠴᠥᠮ ᠲᠣᠰ ᠤᠳᠠᠭᠠᠨ ᠤ ᠢᠯᠡ ᠪᠠᠷ ᠡᠯᠰᠡᠬᠦ ᠲᠠᠢ ᠬᠠᠮᠢᠶ᠎ᠠ ᠥᠬᠡᠶ᠃

    6. ᠲᠣᠰ ᠤᠳᠠᠭ᠎ᠠ ᠢᠯᠡ ᠪᠠᠷ ᠠᠵᠢᠯᠲᠠᠨ ᠡᠯᠰᠡᠬᠦ ᠠᠯᠪᠠᠨ ᠵᠠᠷ ᠲᠤ ᠳᠤᠷᠠᠳᠤᠭᠠᠳᠤᠢ ᠤᠴᠢᠷ ᠶᠠᠪᠤᠳᠠᠯ ᠵᠢᠴᠢ ᠬᠤᠯᠪᠣᠭᠳᠠᠯ ᠪᠥᠬᠦᠶ ᠮᠡᠳᠡᠭᠡ ᠵᠠᠩᠭᠢ ᠶᠢ ᠥᠪᠥᠷ ᠮᠣᠩᠭᠤᠯ ᠤᠨ ᠤᠮᠠᠷᠠᠲᠤ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠦᠢᠯᠡᠴᠢᠯᠡᠭᠡᠨ ᠤ ᠲᠥᠪ ᠤᠨ ᠰᠦᠯᠵᠢᠶᠡᠨ ᠳᠡᠭᠡᠷ᠎ᠡ ᠬᠠᠮᠢᠶ᠎ᠠ ᠪᠥᠬᠦᠶ ᠠᠯᠪᠠᠨ ᠵᠠᠷ ᠨᠡᠶᠢᠲᠡᠯᠡᠵᠦ᠂ ᠰᠢᠯᠭᠠᠭᠤᠯᠤᠭᠰᠠᠳ ᠴᠠᠭ ᠲᠤᠬᠠᠶ ᠳᠤᠨᠢ ᠠᠩᠬᠠᠷᠤᠭᠠᠷᠠᠢ᠃

ᠲᠣᠰ ᠠᠯᠪᠠᠨ ᠵᠠᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃

    ︵ᠠᠷᠪᠠ︶ ᠠᠰᠠᠭᠤᠨ ᠯᠠᠪᠯᠠᠬᠤ ᠤᠲᠠᠰᠤ

    ᠨᠡᠷ᠎ᠡ ᠮᠡᠳᠡᠭᠦᠯᠬᠦ ᠮᠡᠷᠭᠡᠵᠢᠯ ᠤᠨ ᠠᠰᠠᠭᠤᠨ ᠯᠠᠪᠯᠠᠬᠤ ᠤᠲᠠᠰᠤ᠄ 0471 – 5186945

    ᠬᠢᠨᠠᠯᠲᠠ ᠲᠠᠯᠪᠢᠬᠤ ᠤᠲᠠᠰᠤ᠄ 0471 – 6628502

    ᠠᠵᠢᠯ ᠤᠨ ᠪᠠᠶᠢᠷᠢ ᠶᠢᠨ ᠨᠦᠬᠦᠴᠡᠯ ᠤᠨ ᠠᠰᠠᠭᠤᠨ ᠯᠠᠪᠯᠠᠬᠤ ᠤᠲᠠᠰᠤ᠄ ᠠᠵᠢᠯ ᠤᠨ ᠪᠠᠶᠢᠷᠢ ᠶᠢᠨ ᠬᠦᠰᠦᠨᠦᠭᠲᠦ ᠳᠤ ᠦᠵᠡᠭᠡᠷᠡᠢ

    ᠠᠰᠠᠭᠤᠨ ᠯᠠᠪᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 2᠄ 30 - 5᠄ 30

 

    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2024 ᠣᠨ ᠤ ᠢᠯᠡ ᠪᠠᠷ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ


 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ