ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/7/15

    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃

    ᠪᠤᠳᠠᠳᠣ ᠦᠷ᠎ᠡ ᠪᠦᠲᠦᠮᠵᠢ ᠶᠢ ᠴᠢᠬᠤᠯᠠᠴᠢᠯᠠᠵᠤ ᠨᠢᠭᠡᠳᠦᠯᠲᠡᠢ ᠲᠦᠯᠦᠪᠯᠡᠬᠦ ᠶᠢ ᠰᠠᠶᠢᠲᠤᠷ ᠤᠶᠠᠯᠳᠤᠭᠤᠯᠪᠠ

    ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠠᠢ ᠬᠠᠷᠢᠯᠴᠠᠨ ᠤᠶᠠᠯᠳᠤᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠪᠠ᠃ ᠲᠤᠰᠬᠠᠶ ᠴᠡᠭᠴᠡᠯᠡᠨ ᠵᠠᠰᠠᠬᠤ ᠲᠥᠰᠦᠯ ᠳᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠴᠠᠬᠢᠯᠭᠠᠨ ᠬᠤᠷᠢᠶᠠᠭᠤᠷ᠂ ᠴᠠᠬᠢᠯᠭᠠᠨ ᠴᠡᠨᠡᠭᠯᠡᠭᠦᠷ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠨᠦᠭᠦᠳ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠪᠠᠶᠢᠳᠠᠯ ᠢ ᠭᠦᠨᠵᠡᠭᠡᠶ ᠵᠢᠭᠰᠠᠭᠠᠨ ᠪᠠᠶᠢᠴᠠᠭᠠᠬᠤ︾ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠪᠣᠷᠣᠯᠠᠭᠤᠯᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢ ᠵᠢᠯᠣᠭᠤᠳᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢᠨ ᠲᠤᠰᠬᠠᠶ ᠴᠡᠭᠴᠡᠯᠡᠨ ᠵᠠᠰᠠᠯᠲᠠ ᠶᠢ ᠱᠠᠭᠠᠷᠳᠠᠯᠭ᠎ᠠ ᠶᠣᠰᠣᠭᠠᠷ᠂ ᠠᠯᠬᠤᠮ ᠳᠠᠷᠠᠭ᠎ᠠ ᠶᠣᠰᠣᠭᠠᠷ ᠤᠷᠤᠭᠰᠢᠲᠠᠶ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃

    ᠤᠬᠠᠭᠤᠯᠤᠨ ᠲᠤᠭᠤᠰᠢᠯᠠᠭᠤᠯᠬᠤ ᠶᠢ ᠴᠢᠩᠭᠠᠳᠬᠠᠵᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ

    ᠤᠯᠠᠭᠠᠨᠬᠠᠳᠠ ᠬᠤᠲᠠ ᠶᠢᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠷᠢᠳ ᠬᠤᠵᠢᠳ ᠤᠬᠠᠭᠤᠯᠤᠨ ᠲᠤᠭᠤᠰᠢᠯᠠᠭᠤᠯᠬᠤ ᠬᠤᠷᠠᠯ᠂ ᠪᠣᠯᠵᠣᠵᠤ ᠶᠠᠷᠢᠯᠴᠠᠬᠤ ᠬᠤᠷᠠᠯ᠂ ᠵᠠᠰᠠᠭ ᠵᠠᠬᠢᠷᠭᠠᠨ ᠤ ᠵᠢᠯᠣᠭᠤᠳᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ 425 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠬᠠᠷᠢᠭᠤᠴᠠᠯᠭᠠᠲᠠᠨ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠤ ᠪᠣᠯᠪᠠᠰᠤᠷᠠᠯ ᠬᠢᠵᠦ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠬᠡᠷᠬᠢᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠲᠣᠬᠢᠷᠠᠭᠤᠯᠬᠤ᠂ ᠬᠡᠷᠬᠢᠨ ᠬᠤᠳᠠᠯᠳᠤᠨ ᠠᠪᠴᠤ ᠰᠢᠯᠭᠠᠨ ᠠᠪᠬᠤ᠂ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠦᠢᠯᠡᠳᠬᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠵᠢᠴᠢ ︽ᠡᠳᠦᠷ ᠪᠦᠷᠢ ᠡᠵᠡᠮᠳᠡᠬᠦ᠂ ᠭᠠᠷᠠᠭ ᠪᠦᠷᠢ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠵᠡᠷᠭᠡ ᠶᠢ ᠬᠡᠷᠬᠢᠨ ᠨᠠᠶᠢᠳᠠᠪᠤᠷᠢᠵᠢᠭᠤᠯᠬᠤ ᠵᠡᠷᠭᠡ ᠳᠤ ᠭᠤᠣᠯᠳᠠᠯᠭ᠎ᠠ ᠲᠠᠢ ᠵᠢᠯᠣᠭᠤᠳᠤᠯᠭ᠎ᠠ ᠬᠢᠵᠦ᠂ ᠵᠤᠷᠪᠤᠰ ᠳᠠᠷᠠᠭᠠᠯᠠᠨ ᠬᠠᠷᠢᠴᠠᠭᠤᠯᠤᠨ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃ ᠡᠭᠦᠨ ᠤ ᠬᠠᠮᠲᠤ᠂ ︽ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠲᠤᠬᠠᠶ ᠰᠠᠨᠠᠭᠤᠯᠬᠤ ᠪᠢᠴᠢᠭ︾ ᠢ ᠨᠡᠶᠢᠲᠡᠯᠡᠵᠦ᠂ ᠬᠤᠨᠭ᠍ᠱᠠᠨ ᠤᠷᠤᠢ ᠶᠢᠨ ᠰᠣᠨᠢᠨ ᠤ ᠰᠢᠯᠵᠢᠭᠦᠯᠦᠨ ᠨᠡᠶᠢᠲᠡᠯᠡᠬᠦ ᠤᠩᠰᠢᠯᠭ᠎ᠠ ᠶᠢᠨ ᠬᠡᠮᠵᠢᠶ᠎ᠡ 10 ᠲᠦᠮᠡ ᠭᠠᠷᠤᠶ ᠤᠳᠠᠭ᠎ᠠ ᠳᠤ ᠬᠦᠷᠴᠦ᠂ ᠦᠷᠭᠦᠯᠵᠢᠯᠡᠨ ᠪᠣᠷᠣᠯᠠᠭᠤᠯᠬᠤ ᠨᠢᠭᠡᠴᠢ ᠳᠤ ᠤᠬᠠᠭᠤᠯᠤᠨ ᠲᠤᠭᠤᠰᠢᠯᠠᠭᠤᠯᠪᠠ᠃

    ᠬᠢᠨᠠᠨ ᠵᠢᠯᠤᠭᠤᠳᠬᠤ ᠪᠠᠨ ᠴᠢᠩᠭᠠᠳᠬᠠᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ

    ᠬᠢᠨᠠᠨ ᠬᠠᠮᠢᠶᠠᠷᠬᠤ ᠪᠠ ᠦᠢᠯᠡᠴᠢᠯᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠷᠢᠶ᠎ᠠ ᠣᠷᠣᠨ ᠤ ᠳᠣᠲᠣᠷᠠᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ︽ᠬᠢᠨᠠᠯᠲᠠ ᠲᠠᠯᠪᠢᠵᠤ ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ︾ ᠲᠠᠢ ᠬᠠᠷᠭᠤᠭᠤᠯᠤᠨ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠤᠭᠰᠠᠨ ᠪᠠᠶᠢᠳᠠᠯ ᠵᠢᠴᠢ ︽ᠡᠳᠦᠷ ᠪᠦᠷᠢ ᠡᠵᠡᠮᠳᠡᠬᠦ᠂ ᠭᠠᠷᠠᠭ ᠪᠦᠷᠢ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠵᠤ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ ᠶᠢ ᠦᠨᠡᠨ ᠬᠦ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢ ᠨᠡᠶᠢᠲᠡ 481 ᠡᠷᠦᠬᠡ ᠤᠳᠠᠭ᠎ᠠ ᠪᠠᠶᠢᠴᠠᠭᠠᠵᠤ᠂ 16 ᠠᠰᠠᠭᠤᠳᠠᠯ ᠢ ᠢᠯᠡᠷᠡᠭᠦᠯᠵᠦ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 12 ᠢ ᠪᠠᠭᠤᠯᠭᠠᠵᠤ᠂ 9 ᠬᠡᠷᠡᠭ ᠢ ᠬᠡᠷᠡᠭ ᠪᠣᠯᠭᠠᠨ ᠳᠡᠩᠰᠡᠯᠡᠵᠦ᠂ 3.8 ᠲᠦᠮᠡᠨ ᠲᠥᠭᠦᠷᠢᠭ ᠲᠣᠷᠭᠠᠪᠠ᠃ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ ᠪᠠᠷ ᠭᠠᠷᠳᠠᠴᠠ ᠪᠣᠯᠭᠠᠵᠤ᠂ ᠭᠡᠷ ᠲᠤ ᠨᠢ ᠬᠦᠷᠴᠦ ᠡᠷᠦᠬᠡ ᠳᠠᠷᠠᠭᠠᠯᠠᠨ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠪᠠᠷ ᠳᠠᠮᠵᠢᠭᠤᠯᠤᠨ᠂ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠪᠠᠬᠢᠵᠢᠭᠦᠯᠪᠡ᠃ ᠣᠲᠣ ᠪᠣᠯᠲᠠᠯ᠎ᠠ᠂ ᠪᠥᠬᠦ ᠬᠤᠲᠠ ᠶᠢᠨ 405 ᠪᠣᠷᠣᠯᠠᠭᠤᠯᠬᠤ ᠨᠢᠭᠡᠴᠢ ᠨᠢᠭᠡᠨᠲᠡ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃

    ᠬᠡᠪ ᠳᠠᠭᠤᠷᠢᠶᠠᠯ ᠢ ᠪᠤᠢ ᠪᠣᠯᠭᠠᠵᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠪᠠ

    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠭᠡᠬᠦ ᠬᠦᠴᠦᠨ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠬᠥᠲᠥᠴᠢ ᠪᠣᠷᠣᠯᠠᠭᠤᠯᠬᠤ ᠠᠵᠤ ᠠᠬᠤᠶᠢᠯᠠᠯ ᠢ ᠠᠳᠬᠤᠵᠤ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠶᠢ ᠵᠢᠯᠣᠭᠤᠳᠤᠨ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠳᠣᠭᠢᠷᠠᠭᠤᠯᠬᠤ ᠪᠠᠷ ᠳᠠᠮᠵᠢᠭᠤᠯᠤᠨ᠂ ︽ᠡᠳᠦᠷ ᠪᠦᠷᠢ ᠡᠵᠡᠮᠳᠡᠬᠦ᠂ ᠭᠠᠷᠠᠭ ᠪᠦᠷᠢ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ︽ᠰᠠᠨᠠᠭᠠᠴᠢᠯᠠᠭ᠎ᠠ ᠠᠴᠠ ᠪᠠᠨ ᠪᠤᠰᠤ ᠠᠶᠤᠯ ᠲᠦᠭᠰᠢᠭᠦᠷᠢ ᠶᠢ ᠰᠡᠷᠭᠡᠶᠢᠯᠡᠬᠦ︾ ᠠᠴᠠ ︽ᠰᠠᠨᠠᠭᠠᠴᠢᠯᠠᠭ᠎ᠠ ᠠᠴᠠ ᠪᠠᠨ ᠠᠶᠤᠯ ᠲᠦᠭᠰᠢᠭᠦᠷᠢ ᠶᠢ ᠰᠡᠷᠭᠡᠶᠢᠯᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠳᠤ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠦᠵᠡᠭᠦᠯᠪᠡ᠃ ᠡᠭᠦᠨ ᠤ ᠬᠠᠮᠲᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠡᠷ ᠲᠤᠨᠢ ᠬᠦᠷᠴᠦ ᠦᠢᠯᠡᠴᠢᠯᠡᠭᠡ ᠬᠦᠷᠭᠡᠬᠦ︾ ᠶᠢ ᠥᠷᠨᠢᠭᠦᠯᠵᠦ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠲᠠᠢ ᠬᠠᠮᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠥᠷᠨᠢᠭᠦᠯᠬᠦ ᠦᠶ᠎ᠡ ᠳᠤ ᠪᠣᠷᠣᠯᠠᠭᠤᠯᠭ᠎ᠠ ᠶᠢᠨ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠤ ︽ᠨᠢᠭᠡ ᠳᠤ ᠨᠢᠭᠡ︾ ᠶᠢᠨ ᠪᠣᠯᠪᠠᠰᠤᠷᠠᠯ ᠬᠢᠵᠦ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠤ ᠲᠡᠷᠭᠡ ᠬᠥᠰᠬᠡ ᠶᠢᠨ ᠪᠦᠷᠢᠨ ᠪᠦᠲᠦᠨ ᠴᠢᠨᠠᠷ᠂ ᠶᠠᠰᠤ ᠴᠢᠨᠠᠷ ᠤᠨ ᠭᠡᠷᠡᠴᠢᠯᠡᠬᠦ ᠪᠢᠴᠢᠭ ᠮᠠᠲ᠋ᠧᠷᠢᠶᠠᠯ᠂ ᠦᠢᠯᠡᠳᠪᠦᠷᠢᠯᠡᠬᠦ ᠦᠢᠯᠡᠳᠪᠦᠷᠢ ᠶᠢᠨ ᠬᠢᠷᠢ ᠬᠡᠮ ᠵᠡᠷᠭᠡ ᠮᠠᠲ᠋ᠧᠷᠢᠶᠠᠯ ᠢ ᠬᠡᠷᠬᠢᠨ ᠪᠠᠶᠢᠴᠠᠭᠠᠨ ᠰᠢᠯᠭᠠᠬᠤ ᠶᠢ ᠵᠢᠯᠣᠭᠤᠳᠤᠨ ᠲᠡᠭᠦᠯᠳᠡᠷᠵᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠪᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ