ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠵᠤᠷᠭᠠᠨ ᠮᠠᠨ ᠤ ᠣᠷᠣᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/16

    7 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠵᠤᠷᠭᠠᠨ ᠤ ᠳᠡᠳ᠋ ᠳᠠᠷᠤᠭ᠎ᠠ ᠴᠧᠨ ᠱᠢ ᠫᠢᠨ ᠨᠠᠷ ᠮᠠᠨ ᠤ ᠣᠷᠣᠨ ᠳᠤ ᠬᠦᠷᠴᠦ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᡁᠢ ᠬᠤᠩ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠭᠠᠵᠠᠷ ᠤᠨ ᠬᠠᠷᠢᠭᠤᠴᠠᠯᠭᠠᠲᠠᠨ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠪᠣᠷ ᠰᠢᠷᠣᠢ᠂ ᠰᠦ ᠶᠢᠨ ᠦᠢᠯᠡᠰ᠂ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠲᠤ ᠭᠦᠨᠵᠡᠭᠡᠶᠢᠷᠡᠨ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠮᠠᠨ ᠤ ᠣᠷᠣᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠭᠤᠣᠯᠳᠠᠯᠭ᠎ᠠ ᠲᠠᠢ ᠤᠢᠢᠯᠠᠭᠠᠭᠰᠠᠨ ᠪᠥᠭᠡᠳ ᠮᠠᠨ ᠤ ᠣᠷᠣᠨ ᠤ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠭᠰᠡᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃


1.png


    ᠡᠨᠡ ᠵᠢᠯ ᠤᠨ ᠲᠤᠷᠰᠢ᠂ ᠮᠠᠨ ᠤ ᠣᠷᠣᠨ ︽ᠦᠯᠡᠳᠡᠭᠡᠯ ᠢ ᠠᠮᠢᠳᠤᠯᠢᠭᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠬᠦ︾ ᠪᠠᠷ ᠭᠠᠷᠳᠠᠴᠠ ᠪᠣᠯᠭᠠᠨ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠠᠵᠢᠯ ᠢ ᠥᠷᠨᠢᠭᠦᠯᠦᠭᠰᠡᠨ ᠪᠥᠭᠡᠳ ᠵᠣᠬᠢᠬᠤ ᠦᠷ᠎ᠡ ᠪᠦᠲᠦᠮᠵᠢ ᠤᠯᠪᠠ᠃ 20 ᠲᠤᠰᠬᠠᠢ ᠠᠰᠢᠭ ᠢ ᠠᠵᠤ ᠦᠢᠯᠡᠰᠵᠢᠭᠦᠯᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠬᠤᠪᠣᠷ ᠰᠢᠷᠣᠢ ᠶᠢᠨ ᠠᠵᠤ ᠠᠬᠤᠶᠢᠯᠠᠯ ᠤᠨ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠪᠠ ᠰᠤᠳᠤᠯᠤᠨ ᠨᠡᠭᠡᠭᠡᠬᠦ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠰᠢᠨ᠎ᠡ ᠶᠢ ᠡᠭᠦᠳᠬᠦ ᠬᠦᠴᠦᠨ ᠵᠦᠢᠯ ᠢ ᠣᠷᠣᠨ ᠪᠦᠰᠡ ᠠᠯᠤᠰᠯᠠᠨ ᠰᠢᠯᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠥᠨᠳᠥᠷ ᠦᠷ᠎ᠡ ᠠᠰᠢᠭ ᠲᠠᠢ ᠬᠤᠪᠢᠷᠠᠭᠤᠯᠬᠤ ᠶᠢ ᠠᠬᠢᠭᠤᠯᠵᠤ᠂ ᠲᠤᠰᠬᠠᠢ ᠠᠰᠢᠭ ᠤᠨ ᠦᠷᠳᠡᠭ ᠢ ᠪᠡᠶᠡᠯᠡᠭᠦᠯᠬᠦ ᠶᠢ ᠲᠦᠷᠭᠡᠳᠬᠡᠪᠡ᠃ ᠰᠦ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠨᠢ ᠰᠦ ᠶᠢᠨ ᠦᠢᠯᠡᠰ ᠤᠨ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯᠯᠠᠭᠠᠨ ᠢ ᠠᠬᠢᠭᠤᠯᠵᠤ᠂ ᠠᠵᠢᠯ ᠲᠥᠷᠥᠯ ᠤᠨ ᠠᠩᠬᠠᠳᠠᠭᠴᠢ ᠲᠤᠰᠬᠠᠶ ᠠᠰᠢᠭ ᠤᠨ ᠴᠠᠭᠠᠨ ᠭᠠᠳᠠᠷᠲᠤ ᠪᠢᠴᠢᠭ ︽ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠪᠥᠬᠦ ᠪᠥᠮᠪᠥᠷᠴᠡᠭ ᠤᠨ ᠲᠤᠰᠬᠠᠶ ᠠᠰᠢᠭ ᠤᠨ ᠮᠡᠷᠭᠡᠵᠢᠯ ᠤᠨ ᠣᠳᠣᠬᠢ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ ᠶᠢᠨ ᠴᠠᠭᠠᠨ ᠭᠠᠳᠠᠷᠲᠤ ᠪᠢᠴᠢᠭ︾ ᠢ ᠨᠡᠶᠢᠲᠡᠯᠡᠵᠦ᠂ ᠱᠠᠩᠬᠠᠶ ᠶᠢᠨ ᠮᠡᠷᠭᠡᠵᠢᠯ ᠤᠨ ᠠᠷᠠᠯᠵᠢᠶᠠᠨ ᠤ ᠭᠠᠵᠠᠷ ᠲᠠᠢ ᠬᠤᠯᠪᠣᠭᠠᠯᠠᠨ᠂ ᠠᠵᠢᠯ ᠲᠥᠷᠥᠯ ᠤᠨ ᠲᠤᠰᠬᠠᠶ ᠠᠰᠢᠭ ᠤᠨ ᠠᠷᠠᠯᠵᠢᠶᠠᠨ ᠤ ᠲᠣᠮᠣ ᠳ᠋ᠠᠶᠢᠲ᠋ᠠ ᠶᠢ ᠠᠰᠢᠭᠯᠠᠨ᠂ ᠰᠦ ᠶᠢᠨ ᠦᠢᠯᠡᠰ ᠤᠨ ᠲᠤᠰᠬᠠᠶ ᠠᠰᠢᠭ ᠤᠨ ᠥᠷᠲᠡᠭ ᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠰᠦ ᠶᠢᠨ ᠦᠢᠯᠡᠰ ᠤᠨ ᠲᠤᠰᠬᠠᠶ ᠠᠰᠢᠭ ᠤᠨ ᠠᠵᠤ ᠦᠢᠯᠡᠰᠵᠢᠯᠲᠡ ᠶᠢ ᠠᠬᠢᠭᠤᠯᠪᠠ᠃ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠵᠢᠩᠬᠢᠨᠢ ᠪᠠᠷ ᠡᠬᠢᠯᠡᠭᠦᠯᠵᠦ᠂ ᠲᠠᠪᠴᠠᠩ ᠨᠢ ᠪᠥᠬᠦ ᠪᠥᠮᠪᠥᠷᠴᠡᠭ ᠤᠨ 1.78 ᠳ᠋ᠦᠩᠰᠢᠭᠤᠷ ᠲᠤᠰᠬᠠᠶ ᠠᠰᠢᠭ ᠤᠨ ᠳ᠋ᠠᠶᠢᠲ᠋ᠠ ᠶᠢᠨ ᠡᠬᠢ ᠪᠠᠶᠠᠯᠢᠭ ᠢ ᠬᠤᠷᠠᠮᠳᠤᠭᠤᠯᠵᠤ᠂ ᠡᠵᠡᠩᠨᠡᠯᠲᠡ ᠶᠢᠨ ᠲᠠᠪᠴᠠᠩ ᠢᠶᠠᠷ ᠳᠠᠮᠵᠢᠭᠤᠯᠤᠨ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠪᠠ ᠰᠢᠭᠰᠢᠨ ᠰᠣᠩᠭᠤᠬᠤ ᠠᠷᠭ᠎ᠠ ᠶᠢᠨ ᠰᠤᠳᠤᠯᠭᠠᠨ ᠤ ᠠᠵᠢᠯ ᠢ ᠥᠷᠨᠢᠭᠦᠯᠵᠦ᠂ ︽ᠡᠪᠡᠰᠦᠨ ᠤ ᠦᠢᠯᠡᠰ ᠤᠨ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠪᠠ ᠰᠢᠭᠰᠢᠨ ᠰᠣᠩᠭᠤᠬᠤ ᠠᠷᠭ᠎ᠠ︾ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠰᠢᠨ᠎ᠡ ᠶᠢ ᠡᠭᠦᠳᠬᠦ ᠭᠤᠤᠯ ᠴᠣᠭᠴᠠ ᠶᠢ ᠠᠭᠤᠳᠠᠯᠬᠤ ᠶᠢᠨ ᠬᠠᠮᠲᠤ 203 ᠲᠤᠰᠬᠠᠶ ᠠᠰᠢᠭ ᠤᠨ ᠭᠤᠶᠤᠴᠢᠯᠠᠯ ᠢ ᠪᠣᠶ ᠪᠣᠯᠭᠠᠵᠤ᠂ 37 ᠵᠦᠢᠯ ᠤᠨ ᠲᠤᠰᠬᠠᠶ ᠠᠰᠢᠭ ᠢ ᠰᠢᠯᠵᠢᠭᠦᠯᠦᠨ ᠥᠭᠬᠦ ᠶᠢ ᠠᠬᠢᠭᠤᠯᠪᠠ᠃


2.png


3.png


4.png


    ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠣᠷᠣᠨ ᠤ ᠣᠶᠢᠷ᠎ᠠ ᠶᠢᠨ ᠵᠢᠯ ᠤᠨ ᠲᠤᠷᠰᠢᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠭᠦᠢᠴᠡᠳ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠲᠤᠰᠬᠠᠶ ᠠᠰᠢᠭ ᠢᠶᠠᠨ ᠬᠤᠪᠢᠷᠠᠭᠤᠯᠤᠨ ᠬᠡᠷᠡᠭᠯᠡᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠦᠢᠯᠡᠴᠢᠯᠡᠭᠡ ᠵᠡᠷᠭᠡ ᠰᠢᠨ᠎ᠡ ᠶᠢ ᠡᠭᠦᠳᠬᠦ ᠠᠷᠭ᠎ᠠ ᠬᠢᠳᠡᠯ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠢᠶᠠᠨ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠂ ᠨᠢᠭᠡ ᠳᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤᠷᠠᠨ ᠲᠤᠰᠬᠠᠶ ᠠᠰᠢᠭ ᠢᠶᠠᠨ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠳᠡᠭᠡᠷᠡᠬᠢ ᠠᠵᠤ ᠠᠬᠤᠶᠢᠯᠠᠯ ᠳᠤ ᠲᠤᠰᠬᠠᠶ ᠠᠰᠢᠭ ᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠤᠶᠠᠷ ᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠪᠠ ᠡᠵᠡᠩᠨᠡᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠰᠢᠨ᠎ᠡ ᠲᠣᠭᠲᠠᠴᠠ ᠪᠠ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠨᠠᠩ ᠣᠯᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃

    ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠲᠤ ᠲᠦᠰᠢᠭᠯᠡᠨ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠲᠤᠰᠬᠠᠢ ᠠᠰᠢᠭ ᠤᠨ ᠠᠵᠤ ᠦᠢᠯᠡᠰᠵᠢᠯᠲᠡ ᠪᠠᠷ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠵᠢᠵᠢᠭ ᠠᠵᠤ ᠠᠬᠤᠶᠢᠯᠠᠯ ᠤᠨ ᠪᠤᠶᠢᠵᠢᠯᠲᠠ ᠶᠢ ᠠᠬᠢᠭᠤᠯᠵᠤ᠂ ᠲᠤᠰᠬᠠᠢ ᠠᠰᠢᠭ ᠤᠨ ᠮᠡᠷᠭᠡᠵᠢᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠬᠢ ᠪᠠᠶᠠᠯᠢᠭ ᠢ ᠦᠨᠡᠨ ᠬᠦ ᠠᠵᠤ ᠦᠢᠯᠡᠰ ᠤᠨ ᠬᠥᠭᠵᠢᠯᠲᠡ ᠶᠢᠨ ᠲᠦᠯᠬᠢᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠢ ᠪᠣᠯᠭᠠᠬᠤ ᠳᠤ ᠲᠤᠯᠭᠠᠭᠤᠷᠢᠯᠠᠯ ᠬᠠᠩᠭᠠᠨ᠎ᠠ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠭᠠᠵᠠᠷ