ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠤᠳᠠᠯ ᠪᠠᠷᠢᠵᠤ ᠬᠠᠮᠲᠤᠷᠠᠨ ᠣᠨᠣᠰᠢᠯᠠᠵᠤ︾ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠬᠠᠪᠰᠤᠷᠤᠨ ᠲᠡᠳᠬᠦᠪᠡ
ᠨᠡᠶᠢᠲᠡᠯᠡᠭᠰᠡᠨ ᠴᠠᠭ᠄
2024/7/16

    ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠲᠤᠰᠠᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠬᠡᠪᠴᠢᠶᠡᠨ ᠳᠤ ᠨᠢᠭᠡ ᠵᠢᠯ ᠤᠨ ᠬᠤᠭᠤᠴᠠᠭ᠎ᠠ ᠲᠠᠢ ᠢᠳᠡᠭᠡᠨ ᠦᠢᠯᠡᠳᠪᠦᠷᠢᠯᠡᠬᠦ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠭᠡᠯ︾ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠪᠡ᠃ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠤᠬᠠᠶ ᠶᠢᠨ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠪᠰᠤᠷᠤᠨ ᠲᠡᠳᠬᠦᠬᠦ ᠨᠡᠷᠡᠰ ᠢ ᠲᠣᠭᠲᠠᠭᠠᠵᠤ᠂ ᠲᠤᠰᠬᠠᠶ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠦᠨᠡᠨ ᠬᠦ ᠬᠡᠷᠡᠭᠵᠢᠭᠦᠯᠦᠭᠦᠰᠢᠲᠡᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠨ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠲᠠᠯᠪᠢᠨ ᠪᠠᠶᠢᠴᠠᠭᠠᠬᠤ᠂ ᠰᠢᠰᠲ᠋ᠧᠮᠵᠢ ᠶᠢᠨ ᠪᠠᠶᠢᠴᠠᠭᠠᠯᠲᠠ ᠬᠢᠬᠦ᠂ ᠭᠡᠨᠡᠳᠡᠭᠦᠯᠦᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ᠂ ᠢᠳᠡᠭᠡᠨ ᠦᠢᠯᠡᠳᠪᠦᠷᠢᠯᠡᠭᠴᠢᠳ ᠲᠤ ︽ᠰᠤᠳᠠᠯ ᠪᠠᠷᠢᠵᠤ ᠬᠠᠮᠲᠤᠷᠠᠨ ᠣᠨᠣᠰᠢᠯᠠᠪᠠ︾᠃


1.jpg


2.png


    6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 83 ᠠᠵᠤ ᠠᠬᠤᠶᠢᠯᠠᠯ᠂ 268 ᠵᠢᠵᠢᠭ ᠦᠢᠯᠡᠳᠬᠡᠯ ᠤᠨ ᠭᠠᠵᠠᠷ ᠢ ᠬᠠᠪᠰᠤᠷᠤᠨ ᠲᠡᠳᠬᠦᠵᠦ᠂ ᠢᠳᠡᠭᠡᠨ ᠤ ᠦᠢᠯᠡᠳᠪᠦᠷᠢᠯᠡᠯ ᠤᠨ ᠭᠤᠤᠯ ᠴᠣᠭᠴᠠ ᠶᠢᠨ ᠬᠦᠴᠢᠷᠳᠡᠯ ᠢ 382 ᠰᠢᠢᠳᠪᠦᠷᠢᠯᠡᠪᠡ᠃

 

ᠢᠷᠡᠯᠲᠡ᠄ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ