ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠪᠠᠷ ᠰᠦᠯᠵᠢᠶᠡᠨ ᠤ ᠠᠷᠠᠯᠵᠢᠶ᠎ᠠ ᠶᠢ ᠬᠢᠨᠠᠨ ᠬᠡᠮᠵᠢᠬᠦ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16

    ᠦᠢᠯᠡᠳᠪᠦᠷᠢᠯᠡᠨ ᠡᠵᠡᠩᠨᠡᠭᠴᠢ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 3 ᠳ᠋ᠤᠭᠠᠷ ᠰᠠᠷ᠎ᠠ ᠠᠴᠠ ᠨᠠᠭᠠᠰᠢ ᠰᠦᠯᠵᠢᠶᠡᠨ ᠤ ᠠᠷᠠᠯᠵᠢᠶ᠎ᠠ ᠶᠢ ᠬᠢᠨᠠᠨ ᠬᠡᠮᠵᠢᠬᠦ ︽ᠬᠠᠷᠴᠠᠭᠠᠶ ᠶᠢᠨ ᠨᠢᠳᠦ︾ ᠭᠡᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃

    ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠦᠨᠳᠦᠷᠴᠡ ᠠᠴᠠ ᠰᠦᠯᠵᠢᠶᠡᠨ ᠤ ᠠᠷᠠᠯᠵᠢᠶᠠᠨ ᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠨᠢᠭᠡ ᠴᠤᠭᠴᠠᠵᠢᠭᠤᠯᠤᠨ ᠬᠢᠨᠠᠨ ᠬᠠᠮᠢᠶᠠᠷᠬᠤ ᠠᠵᠢᠯ ᠤᠨ ᠰᠡᠳᠬᠢᠮᠵᠢ ᠶᠣᠰᠣᠭᠠᠷ᠂ ᠡᠯ᠎ᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠱᠤᠭᠤᠮ ᠢ ᠵᠣᠬᠢᠶᠠᠨ ᠪᠠᠶᠢᠭᠤᠯᠤᠨ ᠢᠳᠡᠪᠬᠢᠲᠡᠶ ᠣᠷᠣᠯᠴᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠂ ᠰᠦᠯᠵᠢᠶᠡᠨ ᠤ ᠠᠷᠠᠯᠵᠢᠶᠠᠨ ᠤ ᠳᠤᠮᠳᠠ ᠢᠯᠡᠷᠡᠭᠰᠡᠨ ᠡᠪᠡᠷᠰᠢᠶᠡᠯ᠂ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠬᠤᠶᠠᠷ ᠲᠤ ᠰᠦᠯᠵᠢᠶᠡᠨ ᠤ ᠠᠷᠠᠯᠵᠢᠶᠠᠨ ᠤ ᠳᠤᠮᠳᠠ ᠢᠯᠡᠷᠡᠭᠰᠡᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ᠂ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠪᠳᠡᠭᠰᠡᠨ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠮᠠᠨ ᠤ ᠠᠶᠢᠮᠠᠭ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭᠲᠦ ᠶᠢᠨ ᠭᠡᠷᠡᠴᠢᠯᠡᠯ ᠤᠨ ᠪᠦᠲᠦᠭᠡᠭᠳᠡᠬᠦᠨ᠂ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠪᠠ ᠡᠷᠬᠡ ᠨᠢ ᠠᠮᠠᠷᠬᠠᠨ ᠬᠠᠯᠳᠠᠭᠳᠠᠬᠤ ᠬᠠᠭᠤᠷᠮᠠᠭᠯᠠᠭᠳᠠᠬᠤ ᠲᠣᠰ ᠭᠠᠵᠠᠷ ᠤᠨ ᠨᠠᠷᠠᠲᠤ ᠰᠢᠯᠢᠳᠡᠭ ᠪᠦᠲᠦᠭᠡᠭᠳᠡᠬᠦᠨ ᠤ ᠲᠣᠭᠤᠷᠢᠨ ᠳᠤ᠂ ᠲᠣᠰ ᠭᠠᠵᠠᠷ ᠣᠷᠣᠨ ᠤ ᠦᠬᠡᠷ ᠬᠤᠨᠢᠨ ᠮᠢᠬ᠎ᠠ ᠵᠢᠴᠢ ᠲᠡᠭᠦᠨ ᠤ ᠪᠦᠲᠦᠭᠡᠭᠳᠡᠬᠦᠨ ︵ᠬᠠᠲᠠᠭᠰᠠᠨ ᠦᠬᠡᠷ ᠤᠨ ᠮᠢᠬ᠎ᠠ︶᠂ ᠪᠢᠰᠢᠯᠠᠭ᠂ ᠴᠡᠭᠡ ᠵᠡᠷᠭᠡ ᠨᠠᠷᠠᠲᠤ ᠰᠢᠯᠢᠳᠡᠭ ᠪᠦᠲᠦᠭᠡᠭᠳᠡᠬᠦᠨ ᠢ ᠰᠣᠩᠭᠤᠨ ᠠᠪᠴᠤ᠂ ᠰᠦᠯᠵᠢᠶ᠎ᠡ ᠪᠠᠷ ᠠᠷᠠᠯᠵᠢᠶᠠᠯᠠᠬᠤ ᠬᠢᠨᠠᠨ ᠬᠡᠮᠵᠢᠯᠲᠡ ᠶᠢ ᠥᠷᠨᠢᠭᠦᠯᠪᠡ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠠᠰᠢᠭᠯᠠᠨ ᠲᠣᠰ ᠬᠠᠷᠢᠶ᠎ᠠ ᠣᠷᠣᠨ ᠤ ᠲᠡᠷᠢᠭᠦᠨ ᠬᠡᠰᠡᠭ ᠤᠨ ᠭᠤᠤᠯ ᠨᠡᠪᠲᠡᠷᠡᠭᠦᠯᠭᠡ ᠶᠢᠨ ᠭᠤᠤᠯ ᠴᠣᠭᠴᠠ ᠶᠢᠨ ᠬᠥᠮᠥᠷᠭᠡ ᠶᠢ ᠪᠠᠶᠢᠭᠤᠯᠵᠤ᠂ ᠬᠥᠮᠦᠨ ᠤ ᠬᠦᠴᠦ ᠪᠠᠷ ᠲᠣᠭᠤᠷᠢᠨ ᠪᠠᠶᠢᠴᠠᠭᠠᠬᠤ᠂ ᠮᠡᠷᠭᠡᠵᠢᠯ ᠤᠨ ᠬᠢᠨᠠᠨ ᠬᠡᠮᠵᠢᠯᠲᠡ ᠬᠢᠬᠦ᠂ ᠪᠣᠳᠠᠲᠤ ᠴᠣᠭᠴᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠠᠶᠢᠮᠠᠭ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠬᠡᠮᠵᠢᠶ᠎ᠡ ᠂ ᠪᠠᠷᠠᠭᠠᠨ ᠬᠤᠳᠠᠯᠳᠤᠬᠤ ᠲᠠᠩᠰᠠᠨ ᠨᠣᠮᠧᠷ ᠢ ᠦᠨᠳᠦᠰᠦᠯᠡᠨ᠂ ᠬᠠᠷᠢᠶ᠎ᠠ ᠣᠷᠣᠨ ᠤ ᠳᠣᠲᠣᠷᠠᠬᠢ ᠨᠥᠯᠥᠭᠡᠯᠡᠬᠦ ᠬᠡᠪᠴᠢᠶ᠎ᠡ ᠪᠠᠷ ᠨᠡᠯᠢᠶᠡᠳ ᠶᠡᠭᠡ᠂ ᠪᠢᠰᠢᠷᠡᠭᠴᠢᠳ ᠤᠨ ᠲᠤᠭ᠎ᠠ ᠬᠡᠮᠵᠢᠶ᠎ᠡ ᠪᠠᠷ ᠣᠯᠠᠨ᠂ ᠪᠣᠷᠣᠯᠠᠭᠤᠯᠬᠤ ᠬᠡᠮᠵᠢᠶ᠎ᠡ ᠪᠠᠷ ᠶᠡᠭᠡ ᠢᠳᠡᠭᠡᠨ ᠤ ᠵᠦᠢᠯ᠂ ᠵᠠᠰᠠᠯ ᠴᠢᠮᠡᠭᠯᠡᠯ ᠤᠨ ᠡᠳ᠋ ᠵᠡᠷᠭᠡ ᠠᠮᠠᠷᠬᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠠᠩᠰᠠᠨ ᠨᠣᠮᠧᠷ ᠢ ᠰᠣᠩᠭᠤᠨ ᠠᠪᠴᠤ ᠬᠢᠨᠠᠨ ᠬᠡᠮᠵᠢᠪᠡ᠃ ᠳᠥᠷᠪᠡ ᠳᠤ ᠡᠯ᠎ᠡ ᠭᠠᠵᠠᠷ ᠤᠨ ᠣᠶᠢᠷ᠎ᠠ ᠶᠢᠨ ᠬᠤᠶᠠᠷ ᠵᠢᠯ ᠤᠨ ᠡᠯ᠎ᠡ ᠲᠥᠷᠥᠯ ᠤᠨ ᠰᠦᠯᠵᠢᠶᠡᠨ ᠤ ᠠᠷᠠᠯᠵᠢᠶᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠣᠨᠴᠠᠯᠢᠭ ᠢ ᠡᠮᠬᠢᠯᠡᠨ ᠳᠢᠭᠯᠡᠬᠦ ᠪᠠᠷ ᠳᠠᠮᠵᠢᠭᠤᠯᠤᠨ᠂ ᠬᠢᠨᠠᠨ ᠬᠡᠮᠵᠢᠬᠦ ᠮᠡᠷᠭᠡᠵᠢᠯ ᠢ ᠪᠣᠳᠠᠲᠠᠶ ᠲᠤᠬᠠᠶᠢᠯᠠᠭᠰᠠᠨ ᠠᠵᠢᠯ ᠲᠠᠢ ᠭᠦᠨᠵᠡᠭᠡᠶ ᠠᠭᠤᠰᠤᠯᠴᠠᠭᠤᠯᠵᠤ᠂ ᠰᠦᠯᠵᠢᠶᠡᠨ ᠤ ᠠᠷᠠᠯᠵᠢᠶᠠᠨ ᠤ ᠮᠡᠳᠡᠭᠡ ᠵᠠᠩᠭᠢ ᠶᠢ ᠬᠢᠨᠠᠨ ᠬᠡᠮᠵᠢᠬᠦ ᠶᠢ ᠴᠢᠩᠭᠠᠳᠬᠠᠨ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠰᠦᠪᠡᠭᠴᠢ ᠶᠢ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠰᠦᠯᠵᠢᠶᠡᠨ ᠤ ᠠᠷᠠᠯᠵᠢᠶᠠᠨ ᠤ ᠲᠤᠰᠬᠠᠶ ᠠᠵᠢᠯᠯᠠᠭ᠎ᠠ ᠳᠤ ᠴᠢᠨᠠᠷ ᠰᠠᠶᠢᠲᠠᠶ ᠬᠠᠤᠯᠢ ᠠᠴᠠ ᠵᠥᠷᠢᠴᠡᠭᠰᠡᠨ ᠰᠦᠪᠡᠭᠴᠢ ᠪᠠ ᠴᠢᠭᠯᠡᠯ ᠤᠨ ᠵᠢᠯᠣᠭᠤᠳᠣᠯᠭ᠎ᠠ ᠬᠠᠩᠭᠠᠵᠤ᠂ ᠰᠦᠯᠵᠢᠶᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠴᠣᠬᠢᠯᠲᠠ ᠥᠭᠴᠦ᠂ ︽ᠰᠦᠯᠵᠢᠶ᠎ᠡ ᠪᠠᠷ ᠰᠦᠯᠵᠢᠶ᠎ᠡ ᠶᠢ ᠬᠠᠮᠢᠶᠠᠷᠬᠤ︾ ᠶᠢ ᠦᠨᠡᠨ ᠬᠦ ᠪᠡᠶᠡᠯᠡᠭᠦᠯᠪᠡ᠃

    ᠲᠤᠰᠬᠠᠶ ᠠᠵᠢᠯᠯᠠᠭ᠎ᠠ ᠠᠴᠠ ᠨᠠᠭᠠᠰᠢ᠂ ᠬᠠᠷᠢᠶ᠎ᠠ ᠣᠷᠣᠨ ᠤ ᠪᠠᠨ 10 ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠠᠩᠰᠠ ᠶᠢ ᠬᠢᠨᠠᠨ ᠬᠡᠮᠵᠢᠵᠦ᠂ ᠨᠢᠭᠡᠨᠲᠡ 96 ᠰᠢᠭᠤᠳ ᠨᠡᠪᠲᠡᠷᠡᠭᠦᠯᠬᠦ ᠲᠠᠯᠠᠪᠠᠶ ᠶᠢ ᠬᠢᠨᠠᠨ ᠬᠡᠮᠵᠢᠵᠦ᠂ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠭᠤᠤᠯ ᠴᠣᠭᠴᠠ ᠶᠢ 364 ᠡᠷᠦᠬᠡ᠂ ᠪᠣᠳᠠᠲᠤ ᠴᠣᠭᠴᠠ ᠶᠢᠨ ᠡᠵᠡᠩᠨᠡᠯᠲᠡ ᠶᠢᠨ ᠭᠤᠤᠯ ᠴᠣᠭᠴᠠ ᠶᠢ 140 ᠡᠷᠦᠬᠡ ᠤᠳᠠᠭ᠎ᠠ ᠪᠠᠶᠢᠴᠠᠭᠠᠵᠤ᠂ ᠰᠢᠭᠤᠳ ᠨᠡᠪᠲᠡᠷᠡᠭᠦᠯᠬᠦ ᠡᠵᠡᠩᠨᠡᠯᠲᠡ ᠶᠢᠨ ᠭᠤᠤᠯ ᠴᠣᠭᠴᠠ ᠶᠢ 95 ᠡᠷᠦᠬᠡ᠂ ᠪᠤᠰᠤᠳ ᠰᠦᠯᠵᠢᠶᠡᠨ ᠤ ᠭᠤᠤᠯ ᠴᠣᠭᠴᠠ ᠶᠢ 26 ᠡᠷᠦᠬᠡ ᠬᠢᠨᠠᠨ ᠬᠡᠮᠵᠢᠵᠦ᠂  21 ᠡᠷᠦᠬᠡ ᠳᠤ ᠵᠠᠰᠠᠭ ᠵᠠᠬᠢᠷᠭᠠᠨ ᠤ ᠵᠢᠯᠣᠭᠤᠳᠤᠯᠭ᠎ᠠ ᠬᠢᠵᠦ᠂ 6 ᠡᠷᠦᠬᠡ ᠶᠢ ᠵᠠᠷᠯᠢᠭᠳᠠᠨ ᠵᠠᠯᠠᠷᠠᠭᠤᠯᠪᠠ᠃ 

 

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ