2024 ᠣᠨ ᠤ ᠳᠡᠭᠡᠳᠦ ᠬᠠᠭᠠᠰ ᠵᠢᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/7/18

    ᠡᠨᠡ ᠵᠢᠯ ᠤᠨ ᠳᠡᠭᠡᠳᠦ ᠬᠠᠭᠠᠰ ᠵᠢᠯ ᠳᠤ᠂ ᠪᠦᠬᠦ ᠣᠷᠣᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠨᠡᠨ ᠬᠦ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ ᠪᠦᠬᠦ ᠣᠷᠣᠨ ᠤ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠠᠢ᠃

    ᠶᠡᠷᠦᠩᠬᠡᠢ ᠪᠠᠶᠢᠳᠠᠯ

    ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠬᠡᠮᠵᠢᠶᠡᠨ ᠤ ᠬᠡᠪᠴᠢᠶ᠎ᠡ ᠯᠠᠪᠳᠠᠭᠤᠨ ᠢᠶᠠᠷ ᠥᠷᠭᠡᠵᠢᠪᠡ

2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ︵ᠰᠠᠯᠪᠤᠷᠢ ᠪᠠᠶᠢᠭᠤᠯᠤᠮᠵᠢ ᠶᠢ ᠪᠠᠭᠲᠠᠭᠠᠨ᠎ᠠ︶ ᠨᠡᠮᠡᠭᠳᠡᠭᠡᠳ 284.14 ᠲᠦᠮᠡᠨ ᠡᠷᠦᠬᠡ ᠪᠣᠯᠵᠤ᠂ ᠠᠳᠠᠯᠢ ᠬᠤᠭᠤᠴᠠᠭᠠᠨ ᠤ ᠬᠢ ᠠᠴᠠ 8.08% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠩᠬ᠎ᠠ ᠤᠳᠠᠭ᠎ᠠ 8% ᠶᠢ ᠳᠠᠪᠠᠪᠠ᠃ ᠡᠭᠦᠨ ᠳᠤ᠂ ᠠᠵᠤ ᠠᠬᠤᠶᠢᠯᠠᠯ 68.71 ᠲᠦᠮᠡᠨ ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 208.30 ᠲᠦᠮᠡᠨ ᠡᠷᠦᠬᠡ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶᠠᠵᠢᠯ 7.13 ᠲᠦᠮᠡᠨ ᠡᠷᠦᠬᠡ ᠪᠠᠶᠢᠵᠤ᠂ ᠦᠰᠦᠯᠲᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 9.15%᠂ 8.20%᠂ - 4.09% ᠪᠣᠯᠤᠨ᠎ᠠ᠃

    ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ 24 ᠲᠦᠮᠡ ᠶᠢ ᠳᠠᠪᠠᠪᠠ

    ᠳᠡᠭᠡᠳᠦ ᠬᠠᠭᠠᠰ ᠵᠢᠯ ᠳᠤ ᠪᠥᠬᠦ ᠣᠷᠣᠨ ᠳᠤ ᠨᠡᠶᠢᠲᠡ 24.57 ᠲᠦᠮᠡᠨ ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ᠃ ᠡᠭᠦᠨ ᠳᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ 5.47 ᠲᠦᠮᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 18.94 ᠲᠦᠮᠡ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶᠠᠵᠢᠯ 1582 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ - 6.39%᠂ 13.85%᠂ 14.35% ᠪᠠᠷ ᠨᠡᠮᠡᠭᠳᠡᠪᠡ᠃ ︽ᠺᠣᠮᠫᠠᠨᠢ ᠶᠢᠨ ᠬᠠᠤᠯᠢ︾ ᠶᠢᠨ ᠳᠠᠩᠰᠠᠯᠠᠭᠤᠯᠤᠭᠰᠠᠨ ᠬᠥᠷᠥᠩᠭᠡ ᠶᠢᠨ ᠳᠦᠷᠢᠮ ᠨᠢ ᠺᠣᠮᠫᠠᠨᠢ ᠶᠢᠨ ᠳᠦᠷᠢᠮᠲᠦ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠤᠬᠠᠭᠠᠯᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠡᠳᠦᠶ ᠲᠡᠳᠦᠶ ᠪᠠᠭᠤᠷᠠᠪᠠ᠃

    ᠡᠵᠡᠩᠨᠡᠯᠲᠡ ᠶᠢᠨ ᠭᠤᠣᠯ ᠴᠣᠭᠴᠠ ᠠᠴᠠ ᠤᠬᠤᠷᠢᠨ ᠭᠠᠷᠬᠤ ᠬᠤᠷᠳᠤᠴᠠ ᠨᠢ ᠤᠳᠠᠭᠠᠰᠢᠷᠠᠪᠠ

    ᠳᠡᠭᠡᠷ᠎ᠡ ᠬᠠᠭᠠᠰ ᠵᠢᠯ ᠳᠤ ᠪᠥᠬᠦ ᠣᠷᠣᠨ ᠳᠤ ᠨᠡᠶᠢᠲᠡ 14.61 ᠲᠦᠮᠡᠨ ᠡᠵᠡᠩᠨᠡᠯᠲᠡ ᠶᠢᠨ ᠭᠤᠤᠯ ᠴᠣᠭᠴᠠ ᠶᠢ ᠬᠠᠰᠤᠵᠤ ᠬᠦᠴᠦᠨ ᠥᠬᠡᠶ ᠪᠣᠯᠭᠠᠵᠤ᠂ ᠠᠳᠠᠯᠢ ᠬᠤᠭᠤᠴᠠᠭᠠᠨ ᠤ ᠬᠢ ᠠᠴᠠ 16.51% ᠪᠠᠷ ᠨᠡᠮᠡᠭᠳᠡᠨ᠂ ᠨᠢᠭᠡᠳᠦᠭᠡᠷ ᠤᠯᠠᠷᠢᠯ ᠤᠨ ᠬᠢ ᠠᠴᠠ 25.38 ᠵᠠᠭᠤᠨ ᠤ ᠨᠢᠭᠡᠴᠢ ᠪᠠᠭᠤᠷᠠᠪᠠ᠃ ᠡᠭᠦᠨ ᠳᠤ 2.95 ᠲᠦᠮᠡᠨ ᠠᠵᠤ ᠠᠬᠤᠶᠢᠯᠠᠯ᠂ 11.34 ᠲᠦᠮᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 3209 ᠲᠠᠷᠢᠶᠠᠴᠢᠳ ᠤᠨ ᠲᠤᠰᠬᠠᠢ ᠬᠤᠷᠰᠢᠶᠠᠵᠢᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 26.89%᠂ 13.66%᠂ 34.89% ᠪᠠᠷ ᠨᠡᠮᠡᠭᠳᠡᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠬᠥᠭᠵᠢᠯᠲᠡ ᠶᠢᠨ ᠤᠶᠠᠨ ᠬᠠᠳᠠᠨ ᠴᠢᠨᠠᠷ ᠳᠡᠭᠡᠭᠰᠢᠯᠡᠪᠡ᠃

    ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠭᠤᠣᠯ ᠴᠣᠭᠴᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ

    2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ ︵ᠬᠤᠪᠢ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ︶ 269.5 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.38% ᠪᠠᠷ ᠨᠡᠮᠡᠭᠳᠡᠨ᠂ ᠪᠥᠬᠦ ᠡᠵᠡᠩᠨᠡᠯᠲᠡ ᠶᠢᠨ ᠭᠤᠤᠯ ᠴᠣᠭᠴᠠ ᠶᠢᠨ 94.85% ᠶᠢ ᠡᠵᠡᠯᠡᠪᠡ᠃ ᠡᠭᠦᠨ ᠳᠤ᠂ ᠬᠤᠪᠢ ᠠᠴᠠ ᠡᠵᠡᠩᠨᠡᠭᠰᠡᠨ ᠠᠵᠤ ᠠᠬᠤᠶᠢᠯᠠᠯ 61.2 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 208.3 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ᠃

    ᠳᠡᠭᠡᠷ᠎ᠡ ᠬᠠᠭᠠᠰ ᠵᠢᠯ ᠳᠤ ᠪᠥᠬᠦ ᠣᠷᠣᠨ ᠳᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠭᠤᠤᠯ ᠴᠣᠭᠴᠠ ᠶᠢ 18.95 ᠲᠦᠮᠡᠨ ᠡᠷᠦᠬᠡ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 8.72% ᠢᠶᠠᠷ ᠨᠡᠮᠡᠭᠳᠡᠨ᠂ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠤᠯ ᠴᠣᠭᠴᠠ ᠶᠢᠨ 97.17% ᠶᠢ ᠡᠵᠡᠯᠡᠪᠡ᠃ ᠰᠢᠨ᠎ᠡ ᠪᠠᠷ ᠪᠠᠶᠢᠭᠤᠯᠤᠭᠰᠠᠨ ᠬᠤᠪᠢ ᠠᠴᠠ ᠡᠵᠡᠩᠨᠡᠭᠰᠡᠨ ᠠᠵᠤ ᠠᠬᠤᠶᠢᠯᠠᠯ 4.93 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.33% ᠪᠠᠷ ᠪᠠᠭᠤᠷᠠᠪᠠ︔ ᠰᠢᠨ᠎ᠡ ᠪᠠᠷ ᠪᠠᠶᠢᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 18.94 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.85% ᠪᠠᠷ ᠨᠡᠮᠡᠭᠳᠡᠵᠦ᠂ ᠬᠤᠪᠢ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠨᠳᠤᠰᠢ ᠤᠳᠠᠭᠠᠨ ᠪᠠᠶᠢᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠥᠷᠨᠢᠩᠭᠦᠶ ᠬᠥᠭᠵᠢᠪᠡ᠃

    ᠠᠵᠢᠯ ᠲᠦᠷᠦᠯ ᠤᠨ ᠬᠦᠭᠵᠢᠯᠲᠡ ᠶᠢᠨ ᠪᠠᠶᠢᠳᠠᠯ

    ᠠᠵᠢᠯ ᠲᠦᠷᠦᠯ ᠤᠨ ᠶᠡᠷᠦᠩᠬᠡᠢ ᠬᠦᠭᠵᠢᠯᠳᠡ ᠶᠢᠨ ᠬᠠᠨᠳᠤᠰᠢ ᠰᠠᠶᠢᠨ ᠪᠠᠶᠢᠨ᠎ᠠ

    ᠠᠵᠤ ᠦᠢᠯᠡᠰ ᠤᠨ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ 2024 ᠣᠨ ᠤ ᠳᠡᠭᠡᠳᠦ ᠬᠠᠭᠠᠰ ᠵᠢᠯ ᠳᠤ ᠮᠠᠨ ᠤ ᠣᠷᠣᠨ ᠤ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠲᠤᠰ ᠲᠤᠰ 0.24 ᠪᠠ 0.39 ᠵᠠᠭᠤᠨ ᠤ ᠨᠢᠭᠡᠴᠢ ᠳᠡᠭᠡᠭᠰᠢᠯᠡᠪᠡ᠂ ᠭᠡᠪᠡᠴᠦ ᠭᠤᠷᠪᠠᠳᠤᠭᠠᠷ ᠠᠵᠤ ᠦᠢᠯᠡᠰ ᠨᠢ ᠮᠥᠨ ᠯᠡ ᠪᠠᠭᠲᠠᠭᠠᠮᠵᠢ ᠪᠠᠷ ᠬᠠᠮᠤᠭ ᠤᠨ ᠶᠡᠭᠡ᠂ ᠲᠠᠷᠬᠠᠯᠲᠠ ᠪᠠᠷ ᠬᠠᠮᠤᠭ ᠤᠨ ᠥᠷᠭᠡᠨ ᠰᠠᠭᠤᠷᠢ ᠴᠢᠨᠠᠷᠲᠠᠢ ᠠᠵᠤ ᠦᠢᠯᠡᠰ ᠪᠠᠶᠢᠵᠤ᠂ ᠡᠵᠡᠩᠨᠡᠯᠲᠡ ᠶᠢᠨ ᠭᠤᠣᠯ ᠴᠣᠭᠴᠠ ᠳᠠᠬᠢ ᠡᠵᠡᠯᠡᠬᠦ ᠬᠠᠷᠢᠴᠠᠯ ᠨᠢ ᠠᠷᠪᠠᠨ ᠤ ᠨᠠᠢᠮᠠᠨ ᠬᠤᠪᠢ ᠳᠤ ᠬᠦᠷᠴᠡᠢ᠃ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ︽ᠮᠥᠩᠭᠦᠨ ᠭᠦᠢᠯᠭᠡᠭᠡᠨ ᠤ ᠦᠢᠯᠡᠰ︾ ᠠᠴᠠ ᠪᠤᠰᠤᠳ ᠠᠵᠢᠯ ᠲᠥᠷᠥᠯ ᠤᠨ ᠪᠣᠳᠠᠲᠠᠶ ᠡᠵᠡᠩᠨᠡᠯᠲᠡ ᠶᠢᠨ ᠭᠤᠤᠯ ᠴᠣᠭᠴᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠯ ᠢ ᠪᠡᠶᠡᠯᠡᠭᠦᠯᠵᠦ᠂ ᠲᠠᠪᠤᠨ ᠬᠤᠪᠢ ᠠᠴᠠ ᠳᠡᠭᠡᠭᠰᠢᠬᠢ ᠠᠵᠢᠯ ᠲᠥᠷᠥᠯ ᠤᠨ ᠠᠳᠠᠯᠢ ᠬᠤᠭᠤᠴᠠᠭᠠᠨ ᠤ ᠬᠢ ᠠᠴᠠ 10% ᠶᠢ ᠳᠠᠪᠠᠪᠠ᠂ ᠡᠭᠦᠨ ᠳᠤ ︽ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾ ᠲᠦᠷᠭᠡᠨ ᠰᠡᠷᠭᠦᠵᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ ᠰᠢᠨ᠎ᠡ ᠪᠠᠷ ᠪᠠᠶᠢᠭᠤᠯᠤᠭᠰᠠᠨ ᠪᠠᠶᠢᠳᠠᠯ ᠠᠴᠠ ᠦᠵᠡᠪᠡᠯ᠂ ᠡᠵᠡᠩᠨᠡᠯᠲᠡ ᠶᠢᠨ ᠭᠤᠣᠯ ᠴᠣᠭᠴᠠ ᠶᠢᠨ ᠲᠠᠷᠬᠠᠯᠲᠠ ᠶᠢᠨ ᠭᠤᠣᠯ ᠠᠵᠢᠯ ᠲᠥᠷᠥᠯ ᠳᠠᠬᠢ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾ ᠮᠥᠨ ᠬᠦ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾ ᠤᠨ ᠨᠡᠮᠡᠭᠳᠡᠯ ᠤᠨ ᠬᠤᠷᠳᠤᠴᠠ ᠨᠢ ᠨᠡᠯᠢᠶᠡᠳ ᠤᠳᠠᠭᠠᠨ᠂ ︽ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾ ᠤᠨ ᠪᠠᠶᠢᠳᠠᠯ ᠴᠢᠩᠭᠠᠷᠠᠵᠤ᠂ ᠣᠶᠢᠷ᠎ᠠ ᠶᠢᠨ ᠭᠤᠷᠪᠠᠨ ᠵᠢᠯ ᠤᠨ ᠨᠡᠮᠡᠭᠳᠡᠯ ᠤᠨ ᠬᠤᠷᠳᠤᠴᠠ ᠨᠢ ᠠᠩᠬ᠎ᠠ ᠤᠳᠠᠭ᠎ᠠ 27% ᠶᠢ ᠳᠠᠪᠠᠪᠠ᠃ ᠪᠦᠬᠦᠯᠢ ᠴᠣᠭᠴᠠ ᠶᠢᠨ ᠪᠠᠶᠢᠳᠠᠯ ᠠᠴᠠ ᠦᠵᠡᠪᠡᠯ᠂ ︽ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾᠂ ︽ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ ᠦᠢᠯᠡᠰ︾ ᠤᠨ ᠶᠡᠷᠦᠩᠬᠡᠶ ᠬᠡᠮᠵᠢᠶ᠎ᠡ ᠪᠠ ᠰᠢᠨ᠎ᠡ ᠪᠠᠷ ᠪᠠᠶᠢᠭᠤᠯᠤᠭᠰᠠᠨ ᠲᠤᠭ᠎ᠠ ᠬᠡᠮᠵᠢᠶᠡᠨ ᠤ ᠨᠡᠮᠡᠭᠳᠡᠯ ᠤᠨ ᠨᠤᠷᠮ᠎ᠠ ᠴᠥᠮ ᠲᠡᠷᠢᠭᠦᠨ ᠳᠤ ᠣᠷᠣᠵᠤ᠂ ᠰᠢᠨ᠎ᠡ ᠪᠠᠷ ᠭᠠᠷᠭᠠᠭᠰᠠᠨ ᠬᠦᠴᠦᠨ ᠥᠬᠡᠶ ᠪᠣᠯᠭᠠᠭᠰᠠᠨ ᠬᠠᠷᠢᠴᠠᠯ ᠨᠢ ᠲᠣᠰ ᠲᠣᠰ 100᠄ 41 ᠪᠠ 100᠄ 42 ᠪᠠᠶᠢᠵᠤ᠂ ᠠᠵᠢᠯ ᠲᠥᠷᠥᠯ ᠤᠨ ᠶᠡᠷᠦᠩᠬᠡᠶ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃

 

ᠢᠷᠡᠯᠲᠡ᠄ ᠪᠦᠷᠢᠳᠬᠡᠨ ᠳᠠᠩᠰᠠᠯᠠᠬᠤ ᠲᠣᠪᠴᠢᠶ᠎ᠠ