ᠥᠪᠥᠷ ᠮᠣᠩᠭᠤᠯ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ ︽ᠮᠡᠳᠡᠯᠭᠡ ᠶᠢᠨ ᠥᠮᠴᠢᠯᠡᠯ︾ ᠢ ︽ᠡᠳ᠋ ᠬᠥᠷᠥᠩᠭᠡ︾ ᠪᠣᠯᠭᠠᠨ ᠬᠤᠪᠢᠷᠠᠭᠤᠯᠬᠤ ᠶᠢ ᠰᠢᠯᠤᠭᠤᠳᠬᠠᠪᠠ
ᠨᠡᠶᠢᠲᠡᠯᠡᠭᠰᠡᠨ ᠴᠠᠭ᠄
2024/7/18

    ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠭᠦᠢᠴᠡᠳᠬᠡᠬᠦ ᠭᠠᠵᠠᠷ ︵ᠳᠣᠷᠣᠭᠰᠢ ᠬᠥᠬᠡᠬᠤᠲᠠ ᠶᠢᠨ ᠣᠷᠣᠯᠠᠨ ᠭᠦᠢᠴᠡᠳᠬᠡᠬᠦ ᠭᠠᠵᠠᠷ ᠭᠡᠵᠦ ᠲᠣᠪᠴᠢᠯᠠᠨ᠎ᠠ︶ ᠨᠢ ᠲᠤᠰᠬᠠᠶ ᠠᠰᠢᠭ ᠤᠨ ᠬᠡᠷᠡᠭᠯᠡᠭᠡᠨ ᠤ ᠲᠥᠷᠥᠯ ᠤᠨ ᠲᠤᠬᠠᠶᠢᠯᠠᠭᠰᠠᠨ ᠠᠵᠢᠯ ᠢ ᠢᠳᠡᠪᠬᠢᠲᠡᠶ ᠪᠠᠷ ᠥᠷᠭᠡᠳᠬᠡᠵᠦ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ︽ᠮᠡᠳᠡᠯᠭᠡ ᠶᠢᠨ ᠥᠮᠴᠢᠯᠡᠯ︾ ᠢ ︽ᠡᠳ᠋ ᠬᠥᠷᠥᠩᠭᠡ︾ ᠪᠣᠯᠭᠠᠨ ᠬᠤᠪᠢᠷᠠᠭᠤᠯᠬᠤ᠂ ︽ᠲᠤᠰᠬᠠᠶ ᠠᠰᠢᠭ︾ ᠢ ︽ᠠᠰᠢᠭ ᠣᠯᠵᠠᠪᠤᠷᠢ︾ ᠪᠣᠯᠭᠠᠨ ᠬᠤᠪᠢᠷᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠥᠷᠭᠡᠨ ᠣᠯᠠᠨ ᠰᠢᠨ᠎ᠡ ᠶᠢ ᠡᠭᠦᠳᠬᠦ ᠭᠤᠤᠯ ᠴᠣᠭᠴᠠ ᠳᠤ ᠴᠢᠨᠠᠷ ᠰᠠᠶᠢᠲᠠᠶ᠂ ᠳᠥᠭᠦᠮ ᠳᠥᠲᠡ ᠴᠣᠩᠬᠤᠪᠴᠢ ᠶᠢᠨ ᠦᠢᠯᠡᠴᠢᠯᠡᠭᠡ ᠬᠠᠩᠭᠠᠵᠤ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ᠶᠢᠨ ᠣᠷᠣᠯᠠᠨ ᠭᠦᠢᠴᠡᠳᠭᠡᠬᠦ ᠭᠠᠵᠠᠷ ᠨᠢ ᠲᠤᠰᠬᠠᠢ ᠠᠰᠢᠭ ᠤᠨ ᠡᠷᠬᠡ ᠶᠢ ᠳᠠᠨᠵᠢᠯᠠᠵᠤ ᠳᠠᠩᠰᠠᠯᠠᠬᠤ ᠵᠡᠷᠭᠡ ᠲᠤᠰᠬᠠᠢ ᠠᠰᠢᠭ ᠤᠨ ᠬᠡᠷᠡᠭᠯᠡᠭᠡᠨ ᠤ ᠲᠥᠷᠥᠯ ᠤᠨ ᠲᠤᠬᠠᠶᠢᠯᠠᠭᠰᠠᠨ ᠠᠵᠢᠯ ᠢ ᠨᠡᠶᠢᠲᠡ 100 ᠭᠠᠷᠤᠢ ᠬᠤᠪᠢ ᠬᠦᠯᠢᠶᠡᠨ ᠠᠪᠴᠤ ᠬᠢᠨᠠᠨ ᠪᠠᠶᠢᠴᠠᠭᠠᠵᠤ᠂ ᠪᠠᠷᠢᠴᠠᠭᠠᠯᠠᠭᠰᠠᠨ ᠵᠣᠭᠤᠰᠤᠨ ᠤ ᠲᠤᠭ᠎ᠠ ᠨᠢ 12.34 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ 100 ᠭᠠᠷᠤᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠢᠮᠠᠭ ᠬᠤᠲᠠ ᠶᠢ ᠬᠠᠮᠤᠷᠪᠠ︔ ᠤᠷᠢᠳ ᠢᠶᠠᠷ ᠬᠢᠨᠠᠨ ᠪᠠᠶᠢᠴᠠᠭᠠᠭᠰᠠᠨ ᠬᠡᠷᠡᠭ 343 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 154% ᠪᠠᠷ ᠨᠡᠮᠡᠭᠳᠡᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠤᠯᠤᠰ ᠢ ᠬᠠᠪᠰᠤᠷᠤᠨ ᠠᠵᠤ ᠦᠢᠯᠡᠰ ᠤᠨ ᠲᠤᠰᠬᠠᠢ ᠠᠰᠢᠭ ᠢ ᠲᠦᠷᠭᠡᠨ ᠬᠥᠭᠵᠢᠭᠦᠯᠪᠡ᠃

    ᠬᠥᠬᠡᠬᠤᠲᠠ ᠶᠢᠨ ᠣᠷᠣᠯᠠᠨ ᠭᠦᠢᠴᠡᠳᠭᠡᠬᠦ ᠭᠠᠵᠠᠷ ᠨᠢ ᠪᠤᠭᠤᠲᠤ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠳᠤ ︽ᠲᠤᠰᠬᠠᠶ ᠠᠰᠢᠭ ᠤᠨ ᠣᠷᠣᠯᠠᠨ ᠭᠦᠢᠴᠡᠳᠭᠡᠬᠦ ᠭᠠᠵᠠᠷ ᠤᠨ ᠠᠵᠢᠯ ᠤᠨ ᠥᠷᠲᠡᠭᠡ︾ ᠶᠢ ᠪᠠᠶᠢᠭᠤᠯᠵᠤ᠂ ᠡᠮᠦᠨᠡᠬᠢ ᠬᠤᠭᠤᠴᠠᠭᠠᠨ ᠤ ᠠᠵᠢᠯᠲᠠᠨ ᠤ ᠪᠣᠯᠪᠠᠰᠤᠷᠠᠯ ᠢ ᠨᠢᠭᠡᠨᠲᠡ ᠪᠡᠶᠡᠯᠡᠭᠦᠯᠵᠦ᠂ ᠣᠲᠣ ᠨᠢᠭᠡᠨᠲᠡ ᠭᠠᠳᠠᠭᠰᠢ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ ᠥᠷᠨᠢᠭᠦᠯᠵᠦ᠂ ᠣᠷᠣᠯᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ︽ᠰᠦᠯᠵᠢᠶᠡᠨ ᠳᠡᠭᠡᠷ᠎ᠡ ᠭᠦᠢᠴᠡᠳᠭᠡᠬᠦ᠂ ᠠᠯᠠᠭᠠᠨ ᠳᠡᠭᠡᠷ᠎ᠡ ᠪᠠᠨ ᠭᠦᠢᠴᠡᠳᠭᠡᠬᠦ᠂ ᠬᠠᠷᠢᠶ᠎ᠠ ᠭᠠᠵᠠᠷ ᠲᠤ ᠨᠢ ᠭᠦᠢᠴᠡᠳᠭᠡᠬᠦ︾ ᠶᠢ ᠲᠠᠰᠤᠷᠠᠯᠲᠠ ᠥᠬᠡᠶ ᠳᠥᠯᠭᠢᠨ ᠠᠬᠢᠭᠤᠯᠪᠠ᠃ ᠠᠵᠢᠯ ᠤᠨ ᠥᠷᠲᠡᠭᠡ ᠳᠤ ᠲᠦᠰᠢᠭᠯᠡᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠨ᠂ ᠲᠤᠰᠬᠠᠶ ᠠᠰᠢᠭ ᠤᠨ ᠰᠢᠯᠵᠢᠭᠦᠯᠦᠨ ᠤᠯᠠᠷᠢᠭᠤᠯᠬᠤ ᠶᠢᠨ ᠬᠦᠴᠢᠷ ᠲᠦᠪᠡᠭᠲᠡᠶ ᠴᠡᠭ ᠢ ᠣᠶᠢᠯᠠᠭᠠᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠲᠥᠬᠦᠮ ᠴᠢᠨᠠᠷ ᠢ ᠳᠡᠭᠡᠭᠰᠢᠯᠡᠭᠦᠯᠪᠡ᠃ ᠮᠡᠳᠡᠯᠭᠡ ᠶᠢᠨ ᠥᠮᠴᠢᠯᠡᠯ ᠤᠨ ᠡᠷᠬᠡ ᠶᠢ ᠤᠯᠠᠷᠢᠭᠤᠯᠤᠨ ᠬᠡᠷᠡᠭᠯᠡᠬᠦ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ᠂ ᠦᠬᠠᠶ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠲᠤ ᠬᠦᠷᠴᠦ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠠᠭᠤᠨ ᠣᠷᠣᠨ ᠤ ᠠᠶᠠᠯᠠᠯ︾᠂ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ︾᠂ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠳᠣᠭᠢᠷᠠᠭᠤᠯᠬᠤ ᠪᠠᠩᠬᠢ ᠠᠵᠤ ᠠᠬᠤᠶᠢᠯᠠᠯ ᠢ ᠳᠥᠯᠭᠢᠨ ᠠᠬᠢᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠲᠤᠰᠬᠠᠶ ᠠᠰᠢᠭ ᠢ ᠰᠢᠯᠵᠢᠭᠦᠯᠦᠨ ᠤᠯᠠᠷᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠤ ᠠᠬᠤᠶᠢᠯᠠᠯ ᠢ ᠵᠣᠯᠭᠠᠭᠤᠯᠬᠤ ᠵᠡᠷᠭᠡ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ ᠦᠢᠯᠡᠴᠢᠯᠡᠭᠡ ᠳᠤ ᠣᠷᠣᠯᠴᠠᠪᠠ᠃

 

ᠢᠷᠡᠯᠲᠡ᠄ ᠲᠤᠰᠬᠠᠢ ᠠᠰᠢᠭ ᠢ ᠣᠷᠣᠯᠠᠨ ᠭᠦᠢᠴᠡᠳᠬᠡᠬᠦ ᠭᠠᠵᠠᠷ