ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢ ᠬᠠᠭᠠᠰ ᠵᠢᠯ ᠰᠤᠳᠤᠯᠤᠨ ᠮᠠᠭᠠᠳᠯᠠᠵᠤ ᠵᠠᠳᠠᠯᠬᠤ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠪᠣᠰᠤ ᠳᠠᠯᠳᠠ ᠭᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠵᠤ ᠲᠣᠬᠢᠷᠠᠭᠤᠯᠤᠨ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/19

    ᠪᠥᠬᠦ ᠣᠷᠣᠨ ᠤ 26 ᠲᠥᠷᠥᠯ ᠤᠨ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠪᠣᠰᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢ ᠬᠠᠭᠠᠰ ᠵᠢᠯ ᠰᠤᠳᠤᠯᠤᠨ ᠮᠠᠭᠠᠳᠯᠠᠵᠤ ᠵᠠᠳᠠᠯᠬᠤ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠪᠣᠰᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠵᠤ ᠳᠣᠭᠢᠷᠠᠭᠤᠯᠤᠨ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ᠃ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠧᠩ ᠶᠧ ᠳᠠᠷᠠᠭᠠᠴᠢ ᠶᠢᠨ ᠠᠯᠬᠤᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠷᠰᠢᠯᠭ᠎ᠠ ᠪᠠᠨ ᠰᠣᠯᠢᠯᠴᠠᠪᠠ᠃

    ᠪᠥᠬᠦ ᠣᠷᠣᠨ ᠳᠤ ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠢᠲᠠᠮᠠᠬᠠᠶ ᠬᠡᠶ ᠶᠢᠨ ᠶᠠᠰᠤ ᠴᠢᠨᠠᠷ ᠤᠨ ᠠᠮᠤᠷ ᠲᠦᠪᠰᠢᠨ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠪᠤᠰᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠴᠢᠩᠭᠠᠳᠬᠠᠵᠤ᠂ 26 ᠲᠥᠷᠥᠯ ᠤᠨ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ  ᠪᠤᠰᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠷᠢᠶᠠᠯᠠᠩ ᠢ ᠬᠠᠮᠠᠭᠠᠯᠠᠬᠤ ᠪᠠ ᠬᠡᠤᠬᠡᠳ ᠰᠤᠷᠤᠭᠴᠢᠳ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠪᠥᠬᠦ ᠣᠷᠣᠨ ᠤ ᠲᠦᠮᠡ ᠭᠠᠷᠤᠶ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ 2.2 ᠲᠦᠮᠡᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢᠨ ᠶᠣᠰᠣᠭᠠᠷ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠵᠤ᠂ ᠠᠵᠢᠯᠯᠠᠭᠠᠨ ᠤ ︽ᠡᠳᠦᠷ ᠲᠤ ᠬᠠᠮᠢᠶᠠᠷᠤᠨ ᠡᠵᠡᠮᠳᠡᠵᠦ᠂ ᠭᠠᠷᠠᠭ ᠲᠤ ᠵᠢᠭᠰᠠᠭᠠᠨ ᠪᠠᠶᠢᠴᠠᠭᠠᠵᠤ᠂ ᠰᠠᠷ᠎ᠠ ᠳᠤ ᠳᠣᠭᠢᠷᠠᠭᠤᠯᠬᠤ︾ ᠲᠣᠭᠲᠠᠴᠠ ᠶᠢ ᠬᠡᠷᠡᠭᠵᠢᠭᠦᠯᠪᠡ᠃ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠰᠢᠯᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠲᠠᠮᠠᠬᠠᠶ ᠬᠡᠢ ᠶᠢᠨ ᠪᠠᠭᠠᠵᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠨᠢᠯᠬ᠎ᠠ ᠬᠡᠦᠬᠡᠳ ᠤᠨ ᠬᠤᠪᠴᠠᠰᠤ ᠬᠤᠨᠠᠷ᠂ ᠢᠳᠡᠭᠡᠨ ᠤ ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢ ᠬᠢᠨᠠᠨ ᠰᠢᠨᠵᠢᠬᠦ ᠰᠡᠷᠡᠮᠵᠢᠯᠡᠭᠦᠯᠦᠯ ᠢ ᠨᠡᠶᠢᠲᠡᠯᠡᠨ᠎ᠡ᠃ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠲᠣᠭᠲᠠᠭᠤᠨ ᠪᠣᠯᠪᠠ᠃

    ᠬᠤᠷᠠᠯ ᠠᠴᠠ᠂ ᠡᠯ᠎ᠡ ᠱᠠᠲᠤᠨ ᠤ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯᠲᠠᠳ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠰᠢᠲᠠᠮᠠᠬᠠᠶ ᠬᠡᠢ ᠶᠢᠨ ᠪᠠᠭᠠᠵᠢ ᠶᠢᠨ ᠶᠠᠰᠤ ᠴᠢᠨᠠᠷ ᠤᠨ ᠠᠮᠤᠷ ᠲᠦᠪᠰᠢᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ᠂ ᠬᠡᠤᠬᠡᠳ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠵᠡᠷᠭᠡ ᠡᠯ᠎ᠡ ᠵᠦᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠵᠦ᠂ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠨᠠᠷᠢᠯᠢᠭ ᠣᠨᠤᠪᠴᠢᠲᠠᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠤ ᠪᠣᠯᠪᠠᠰᠤᠷᠠᠯ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠰᠢᠯᠭᠠᠯᠲᠠ ᠶᠢ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠶᠠᠰᠤ ᠴᠢᠨᠠᠷ ᠤᠨ ᠲᠦᠭᠰᠢᠭᠦᠷᠢ ᠶᠢᠨ ᠳᠠᠯᠳᠠ ᠬᠡᠮ ᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠭᠠᠷᠴᠠᠭ ᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠨᠠᠶᠢᠳᠠᠪᠤᠷᠢᠵᠢᠭᠤᠯᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ ᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠷᠠᠭᠤᠯᠤᠨ᠂ ᠦᠨᠡᠮᠯᠡᠯ ᠣᠯᠤᠭᠰᠠᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠶᠠᠰᠤ ᠴᠢᠨᠠᠷ ᠤᠨ ᠬᠦᠨᠳᠦ ᠶᠡᠭᠡ ᠠᠶᠤᠯ ᠦᠭᠡᠶ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠲᠤᠰᠬᠠᠶ ᠠᠩᠭᠢ ᠶᠢᠨ ᠬᠠᠮᠢᠶ᠎ᠠ ᠪᠥᠬᠦᠶ ᠭᠠᠵᠠᠷ ᠬᠡᠷ ᠲᠣᠪᠴᠢᠶ᠎ᠠ ᠶᠢᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠲᠤᠰᠬᠠᠶ ᠠᠩᠭᠢ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 

 

ᠢᠷᠡᠯᠲᠡ᠄ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ