ᠲᠦᠩᠯᠢᠶᠣᠤ ᠬᠤᠲᠠ ︽ᠭᠤᠷᠪᠠᠨ ᠵᠦᠢᠯ  ᠤᠨ ᠲᠣᠭᠲᠠᠴᠠ︾ ᠶᠢ ᠪᠠᠶᠢᠭᠤᠯᠵᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠬᠦᠴᠦᠲᠡᠶ ᠠᠬᠢᠭᠤᠯᠪᠠ
ᠨᠡᠶᠢᠲᠡᠯᠡᠭᠰᠡᠨ ᠴᠠᠭ᠄
2024/7/19

    ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠡᠵᠡᠩᠨᠡᠯᠲᠡ ᠬᠡᠷᠡᠭᠯᠡᠯᠲᠡ ᠶᠢᠨ ᠨᠢᠭᠡᠴᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠬᠤ ᠶᠢᠨ ᠲᠥᠯᠥᠭᠡ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠᠨ ᠵᠦᠢᠯ ᠤᠨ ᠲᠣᠭᠲᠠᠴᠠ︾ ᠶᠢ ᠪᠠᠶᠢᠭᠤᠯᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠪᠣᠰᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠲᠤᠰᠬᠠᠶ ᠴᠡᠭᠴᠡᠯᠡᠨ ᠵᠠᠰᠠᠬᠤ ᠶᠢ ᠪᠥᠬᠦ ᠶᠠᠪᠤᠴᠠ ᠶᠢᠨ᠂ ᠪᠥᠬᠦ ᠲᠠᠯ᠎ᠠ ᠶᠢᠨ᠂ ᠪᠥᠬᠦ ᠬᠡᠯᠬᠢᠶ᠎ᠡ ᠪᠠᠷ ᠠᠬᠢᠭᠤᠯᠵᠤ᠂ ᠰᠢᠲᠠᠮᠠᠬᠠᠶ ᠬᠡᠶ ᠶᠢᠨ ᠬᠦᠷᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠪᠡ᠃

    ᠨᠢᠭᠡ ᠳᠤ᠂ ᠲᠤᠰᠬᠠᠢ ᠠᠩᠭᠢ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠪᠠ᠃ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠵᠠᠰᠠᠯᠲᠠ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠠᠵᠢᠯ ᠤᠨ ᠵᠠᠷᠯᠢᠭ ᠢ ᠲᠡᠷᠡ ᠳᠠᠷᠥᠢ ᠳᠤ ᠨᠢ ᠳᠠᠮᠵᠢᠭᠤᠯᠵᠤ᠂ ᠲᠤᠰᠢᠶᠠᠨ ᠰᠢᠢᠳᠪᠦᠷᠢᠯᠡᠵᠦ᠂ ᠬᠥᠳᠡᠯᠦᠩᠭᠦᠶ ᠪᠠᠷ ᠢᠯᠡᠷᠡᠭᠦᠯᠬᠦ᠂ ᠬᠥᠳᠡᠯᠦᠩᠭᠦᠶ ᠪᠠᠷ ᠠᠷᠢᠯᠭᠠᠬᠤ᠂ ᠬᠡᠪ ᠤᠨ ᠪᠠᠶᠢᠳᠠᠯ ᠢᠶᠠᠷ ᠬᠠᠮᠢᠶᠠᠷᠬᠤ ᠠᠵᠢᠯ ᠤᠨ ᠲᠣᠭᠲᠠᠴᠠ ᠶᠢ ᠪᠣᠶ ᠪᠣᠯᠭᠠᠪᠠ᠃ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠶᠢᠴᠠᠭᠠᠬᠤ ᠲᠥᠰᠦᠯ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠢᠲᠠᠮᠠᠬᠠᠶ ᠬᠡᠶ ᠶᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠬᠢᠨᠠᠨ ᠵᠢᠯᠣᠭᠤᠳᠴᠤ ᠪᠠᠶᠢᠴᠠᠭᠠᠪᠠ᠃ ᠣᠲᠣ ᠪᠣᠯᠲᠠᠯ᠎ᠠ᠂ ᠪᠥᠬᠦ ᠬᠤᠲᠠ ᠳᠤ 46 ᠰᠢᠩᠭᠡᠨᠵᠢᠮᠡᠯ ᠬᠡᠶ ᠶᠢ ᠰᠠᠪᠠᠯᠠᠬᠤ ᠨᠢᠭᠡᠴᠢ᠂ 5 ᠬᠡᠶᠢᠲᠦ ᠬᠤᠭᠤᠯᠠᠶ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ᠂ 9 ᠳᠠᠷᠤᠯᠲᠠᠲᠤ ᠬᠤᠭᠤᠯᠠᠶ ᠶᠢ ᠬᠡᠷᠡᠭᠯᠡᠬᠦ ᠨᠢᠭᠡᠴᠢ᠂ 544 ᠰᠢᠲᠠᠮᠠᠬᠠᠶ ᠬᠡᠶ ᠶᠢᠨ ᠪᠠᠭᠠᠵᠢ ᠡᠵᠡᠩᠨᠡᠬᠦ ᠨᠢᠭᠡᠴᠢ ᠶᠢ ᠪᠠᠶᠢᠴᠠᠭᠠᠵᠤ᠂ 36 ᠪᠦᠯᠦᠭ ᠤᠳᠠᠭ᠎ᠠ ᠶᠢᠨ ᠰᠢᠲᠠᠮᠠᠬᠠᠶ ᠬᠡᠶ ᠶᠢᠨ ᠬᠡᠷᠡᠭᠰᠡᠯ ᠢ ᠰᠣᠩᠭᠤᠨ ᠪᠠᠶᠢᠴᠠᠭᠠᠵᠤ᠂ ︽ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠵᠠᠷᠯᠢᠭ ᠤᠨ ᠪᠢᠴᠢᠭ︾ ᠢ 15 ᠪᠠᠭᠤᠯᠭᠠᠵᠤ᠂ ᠰᠣᠯᠢᠯᠲᠠ ᠶᠢᠨ ᠲᠦᠷᠦᠭᠦᠦ ᠲᠠᠢ‌‍ᠰᠢᠲᠠᠮᠠᠬᠠᠶ ᠬᠡᠶ ᠶᠢᠨ ᠬᠤᠤᠰ ᠹᠠᠰ ᠤᠨ ᠯᠣᠩᠬᠤ 92  ᠢ ᠴᠡᠪᠡᠷᠯᠡᠨ ᠠᠷᠢᠯᠭᠠᠵᠤ᠂ ᠬᠡᠷᠡᠭ  ᠦᠭᠡᠢ ᠪᠣᠯᠣᠭᠰᠠᠨ ᠬᠡᠶ ᠶᠢᠨ ᠯᠣᠩᠬᠤ 251 ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ᠂ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠰᠠᠪᠠ ᠶᠢ ᠰᠠᠪᠠᠯᠠᠬᠤ ᠥᠷᠲᠡᠭᠡ ᠪᠦᠬᠦᠨ ᠳᠤ ᠪᠦᠷ ᠨᠢᠭᠡᠨᠲᠡ ᠠᠮᠤᠷ ᠲᠦᠪᠰᠢᠨ ᠤ ᠮᠥᠷᠳᠡᠨ ᠨᠡᠬᠡᠮᠵᠢᠯᠡᠬᠦ ᠰᠢᠰᠲ᠋ᠧᠮ ᠢ ᠤᠭᠰᠠᠷᠠᠪᠠ᠃ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠶᠢ 1 ᠤᠳᠠᠭ᠎ᠠ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠪᠠ᠃ ᠳᠠᠩᠰᠠᠯᠠᠭᠰᠠᠨ ᠬᠡᠷᠡᠭ 4᠂ ᠰᠢᠢᠳᠪᠦᠷᠢᠯᠡᠭᠰᠡᠨ ᠬᠡᠷᠡᠭ2᠂ ᠡᠭᠦᠨ ᠳᠤ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠤᠨ ᠬᠡᠷᠡᠭ 2 ᠪᠠᠶᠢᠵᠤ᠂ ᠲᠣᠷᠭᠠᠵᠤ ᠬᠤᠷᠢᠶᠠᠭᠰᠠᠨ ᠵᠣᠭᠤᠰ 4.02 ᠲᠦᠮᠡ᠃ ︽ᠦᠢᠯᠡᠳᠪᠦᠷᠢ ᠶᠢᠨ ᠪᠦᠲᠦᠭᠡᠭᠳᠡᠬᠦᠨ ᠤ ᠪᠠᠶᠢᠴᠠᠭᠠᠯᠲᠠ︾ ᠶᠢᠨ ᠶᠠᠪᠤᠴᠠ ᠶᠢ ᠠᠰᠢᠭᠯᠠᠵᠤ 146 ᠠᠵᠤ ᠠᠬᠤᠶᠢᠯᠠᠯ ᠢ ᠪᠠᠶᠢᠴᠠᠭᠠᠵᠤ᠂ 28 ᠠᠰᠠᠭᠤᠳᠠᠯ ᠲᠠᠢ ᠠᠵᠤ ᠠᠬᠤᠶᠢᠯᠠᠯ ᠢᠯᠡᠷᠡᠭᠦᠯᠵᠦ᠂ 93 ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃

    ᠬᠤᠶᠠᠷ ᠲᠤ᠂ ᠣᠷᠳᠣ ᠬᠤᠭᠤᠴᠠᠭᠠᠨ ᠤ ᠪᠦᠲᠦᠮᠵᠢᠲᠡᠶ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠳᠬᠠᠪᠠ᠃ ᠰᠢᠲᠠᠮᠠᠬᠠᠶ ᠬᠡᠶ ᠶᠢᠨ ᠬᠦᠷᠢᠶᠡᠨ ᠳᠠᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠶ ᠰᠡᠳᠦᠪᠲᠦ ᠪᠣᠯᠪᠠᠰᠤᠷᠠᠯ ᠪᠣᠯᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠢ ᠤᠬᠠᠭᠤᠯᠤᠨ ᠲᠤᠭᠤᠰᠢᠯᠠᠭᠤᠯᠬᠤ ᠠᠩᠭᠢ ᠶᠢ ᠵᠣᠬᠢᠶᠠᠨ ᠪᠠᠶᠢᠭᠤᠯᠤᠨ ᠦᠷᠨᠢᠭᠦᠯᠪᠡ᠃ ᠪᠦᠬᠦ ᠬᠤᠲᠠ ᠶᠢᠨ ᠰᠢᠲᠠᠮᠠᠬᠠᠶ ᠬᠡᠢ ᠶᠢᠨ ᠬᠠᠮᠢᠶ᠎ᠠ ᠪᠦᠬᠦᠢ ᠨᠢᠭᠡᠴᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ 75 ᠬᠥᠮᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠰᠠᠯᠪᠤᠷᠢ ᠠᠩᠭᠢ ᠶᠢᠨ ᠬᠢᠨᠠᠨ ᠪᠠᠶᠢᠴᠠᠭᠠᠬᠤ ᠠᠵᠢᠯᠲᠠᠨ 101 ᠬᠥᠮᠦᠨ ᠪᠣᠯᠪᠠᠰᠤᠷᠠᠯ ᠳᠤ ᠣᠷᠣᠯᠴᠠᠪᠠ᠃ ᠬᠤᠰᠢᠭᠤ ᠰᠢᠶᠠᠨ ᠤ ᠲᠣᠪᠴᠢᠶ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠬᠦ ᠠᠩᠭᠢ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠰᠢᠲᠠᠮᠠᠬᠠᠶ ᠬᠡᠶ ᠰᠠᠪᠠᠯᠠᠬᠤ ᠨᠢᠭᠡᠴᠢ᠂ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠬᠠᠮᠲᠤᠷᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠪᠡ᠃

    ᠭᠤᠷᠪᠠ ᠳᠤ᠂ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠬᠦᠴᠦᠨ ᠣᠯᠭᠤᠬᠤ ᠲᠣᠭᠲᠠᠴᠠ ᠶᠢ ᠪᠠᠶᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠬᠡᠷᠡᠭᠯᠡᠨ᠎ᠡ᠃ ᠶᠡᠷᠦᠩᠬᠡᠶ ᠲᠣᠪᠴᠢᠶ᠎ᠠ ᠶᠢᠨ ︽ᠬᠤᠶᠠᠷ ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠪᠣᠶ ᠪᠥᠬᠦᠶ ᠰᠢᠲᠠᠮᠠᠬᠠᠶ ᠬᠡᠶ ᠶᠢ ᠰᠠᠪᠠᠯᠠᠬᠤ ᠨᠢᠭᠡᠴᠢ ᠪᠠ ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠳᠤ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠲᠣᠬᠢᠷᠠᠭᠤᠯᠬᠤ ᠶᠢᠨ ᠬᠠᠮᠲᠤ ᠪᠦᠬᠦᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠳᠤ ᠣᠷᠣᠭᠤᠯᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠳᠣᠭᠢᠷᠠᠭᠤᠯᠬᠤ︾ ᠲᠣᠭᠲᠠᠴᠠ ᠶᠢ ᠪᠠᠶᠢᠭᠤᠯᠪᠠ᠃ ᠲᠦᠯᠡᠱᠢᠨ ᠬᠡᠢ ᠶᠢᠨ ᠲᠤᠰᠬᠠᠢ ᠪᠠᠢᠴᠠᠭᠠᠯᠲᠠ ᠶᠢᠨAPP ᠶᠢ ᠬᠡᠷᠡᠭᠯᠡᠨ᠎ᠡ᠃ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠵᠤ ᠠᠬᠤᠶᠢᠯᠠᠯ ᠪᠠ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠢ ᠪᠣᠷᠣᠯᠠᠭᠤᠯᠬᠤ ᠠᠵᠤ ᠠᠬᠤᠶᠢᠯᠠᠯ ᠤᠨ ᠣᠷᠣᠭᠤᠯᠤᠭᠰᠠᠨ ᠨᠣᠷᠮ᠎ᠠ ᠪᠠ ᠵᠢᠭᠰᠠᠭᠠᠨ ᠪᠠᠶᠢᠴᠠᠭᠠᠭᠰᠠᠨ ᠨᠣᠷᠮ᠎ᠠ ᠴᠥᠮ 100% ᠳᠤ ᠬᠦᠷᠴᠦ᠂ ᠳᠠᠯᠳᠠ ᠭᠡᠮ ᠤᠨ ᠠᠰᠠᠭᠤᠳᠠᠯ ᠢ ᠨᠡᠶᠢᠲᠡ 37 ᠵᠢᠭᠰᠠᠭᠠᠨ ᠪᠠᠶᠢᠴᠠᠭᠠᠵᠤ᠂ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠭᠠᠳ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 100% ᠳᠤ ᠬᠥᠷᠪᠡ᠃ ᠪᠦᠬᠦ ᠤᠯᠤᠰ ᠤᠨ ᠳᠠᠷᠤᠯᠲᠠᠲᠤ ᠬᠤᠭᠤᠯᠠᠢ ᠶᠢ ᠰᠢᠯᠭᠠᠨ ᠪᠠᠶᠢᠴᠠᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠪᠡ᠃ ᠲᠠᠪᠴᠠᠩ ᠢᠶᠠᠷ ᠳᠠᠮᠵᠢᠭᠤᠯᠤᠨ ᠲᠣᠰ ᠲᠣᠰ 437 ᠵᠤᠷᠪᠤᠰ ᠨᠡᠶᠢᠲᠡ ᠶᠢᠨ ᠬᠡᠷᠡᠭᠯᠡᠭᠡᠨ ᠤ ᠬᠤᠭᠤᠯᠠᠶ ᠪᠣᠯᠤᠨ 4 ᠵᠤᠷᠪᠤᠰ ᠣᠷᠳᠣ ᠳᠠᠮᠵᠢᠭᠤᠯᠬᠤ ᠬᠤᠭᠤᠯᠠᠶ ᠶᠢ ᠣᠷᠣᠭᠤᠯᠵᠤ᠂ ᠬᠤᠭᠤᠯᠠᠶ ᠶᠢᠨ ᠣᠷᠳᠣ ᠨᠢ 252.6km ᠪᠣᠯᠤᠨ 526.6km ᠪᠣᠯᠬᠤ ᠪᠥᠭᠡᠳ ᠬᠤᠰᠢᠭᠤ ᠰᠢᠶᠠᠨ ᠤ ᠲᠣᠪᠴᠢᠶ᠎ᠠ ᠶᠢᠨ ᠲᠠᠪᠴᠠᠩ ᠤᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠢᠶᠠᠷᠴᠤ᠂ ᠮᠡᠳᠡᠭᠡ ᠵᠠᠩᠭᠢ ᠶᠢ ᠦᠷᠭᠦᠯᠵᠢᠯᠡᠨ ᠣᠷᠣᠭᠤᠯᠬᠤ ᠪᠠ ᠲᠡᠭᠦᠯᠳᠡᠷᠵᠢᠭᠦᠯᠵᠦ᠂ ᠲᠠᠪᠴᠠᠩ ᠢ ᠠᠰᠢᠭᠯᠠᠨ ᠬᠤᠭᠤᠯᠠᠶ ᠶᠢᠨ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃

 

ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ