ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠢ ᠠᠰᠢᠭ ᠤᠨ ᠲᠣᠪᠴᠢᠶ᠎ᠠ ᠮᠠᠨ ᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/2

    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠠᠰᠢᠭ ᠤᠨ ᠵᠠᠷᠤᠳᠠᠯ ᠤᠨ ᠰᠢᠰᠲ᠋ᠧᠮᠵᠢ ᠶᠢᠨ ᠲᠤᠰᠬᠠᠶ ᠠᠰᠢᠭ ᠤᠨ ᠴᠢᠨᠠᠷ ᠰᠠᠶᠢᠲᠠᠶ ᠬᠥᠭᠵᠢᠯᠲᠡ ᠶᠢ ᠬᠢᠨᠠᠨ ᠪᠠᠶᠢᠴᠠᠭᠠᠬᠤ ᠲᠤᠯᠭᠠᠭᠤᠷᠢᠯᠠᠬᠤ ᠦᠢᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 25 ᠤ ᠡᠳᠦᠷ ᠠᠴᠠ 28 ᠤ ᠡᠳᠦᠷ ᠪᠣᠯᠲᠠᠯ᠎ᠠ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠱᠧᠨ ᠵᠢᠶᠠᠩ ᠬᠤᠸᠠ᠂ ᠭᠠᠵᠠᠷ ᠤᠨ ᠳᠠᠷᠤᠭ᠎ᠠ ᠸᠠᠩ ᠱᠤ᠋ ᠨᠠᠷ ᠬᠥᠬᠡᠬᠤᠲᠠ᠂ ᠪᠤᠭᠤᠲᠤ ᠬᠤᠲᠠ ᠳᠤ ᠬᠦᠷᠴᠦ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᡁᠢ ᠬᠤᠩ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃


1.jpg


    6 ᠳ᠋ᠤᠭᠠᠷ ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠤᠭᠤᠲᠤ ᠬᠤᠲᠠ ᠶᠢᠨ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠶᠢᠨ ᠬᠤᠪᠣᠷ ᠰᠢᠷᠣᠶ ᠶᠢᠨ ᠬᠦᠷᠢᠶᠡᠯᠡᠩ ᠪᠠ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠲᠤᠰᠬᠠᠶ ᠠᠰᠢᠭ ᠭᠤᠶᠤᠴᠢᠯᠠᠭᠰᠠᠨ᠂ ᠡᠷᠬᠡ ᠣᠯᠭᠤᠭᠰᠠᠨ ᠵᠢᠴᠢ ᠬᠤᠪᠢᠷᠠᠭᠤᠯᠤᠨ ᠬᠡᠷᠡᠭᠯᠡᠭᠰᠡᠨ ᠲᠠᠯ᠎ᠠ ᠪᠠᠷ ᠬᠢ ᠪᠠᠶᠢᠳᠠᠯ ᠢ ᠭᠦᠨᠵᠡᠭᠡᠶ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠤᠭᠤᠲᠤ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠬᠢᠭᠡᠳ ᠪᠤᠭᠤᠲᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ ᠤᠨ ᠠᠶᠢᠮᠠᠭ ᠬᠤᠲᠠ ᠶᠢᠨ ᠠᠵᠢᠯᠯᠠᠬᠤ ᠥᠷᠲᠡᠭᠡ ᠪᠠᠶᠢᠭᠤᠯᠬᠤ ᠲᠤᠬᠠᠶ ᠭᠡᠷ᠎ᠡ ᠲᠣᠭᠲᠠᠬᠤ ᠶᠣᠰᠣᠯᠠᠯ ᠳᠤ ᠣᠷᠣᠯᠴᠠᠭᠰᠠᠨ ᠪᠥᠭᠡᠳ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ᠂ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠵᠡᠷᠭᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠠᠵᠤ ᠠᠬᠤᠶᠢᠯᠠᠯ ᠪᠠ ᠣᠷᠣᠯᠠᠨ ᠡᠷᠬᠢᠯᠡᠬᠦ ᠪᠠᠶᠢᠭᠤᠯᠤᠮᠵᠢ ᠯᠤᠭ᠎ᠠ ᠰᠢᠨ᠎ᠡ ᠶᠢ ᠡᠭᠦᠳᠬᠦ ᠭᠤᠤᠯ ᠴᠣᠭᠴᠠ ᠶᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠵᠠᠭᠪᠤᠷ ᠪᠠ ᠲᠤᠰᠬᠠᠶ ᠠᠰᠢᠭ ᠤᠨ ᠰᠦᠢᠳᠬᠡᠯ ᠬᠤᠷᠢᠶᠠᠬᠤ ᠵᠢᠴᠢ ᠬᠠᠮᠢᠶ᠎ᠠ ᠪᠥᠬᠦᠶ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃


2.jpg


    6 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠬᠡᠬᠤᠲᠠ ᠶᠢᠨ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠧᠩ ᠼᠤᠤ ᠠᠮᠢ ᠠᠬᠤᠶ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠤᠰᠬᠠᠶ ᠠᠰᠢᠭ ᠭᠤᠶᠤᠴᠢᠯᠠᠭᠰᠠᠨ᠂ ᠪᠠᠶᠢᠷᠢᠰᠢᠭᠤᠯᠤᠭᠰᠠᠨ ᠪᠠ ᠬᠡᠷᠡᠭᠯᠡᠭᠰᠡᠨ ᠪᠠᠶᠢᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠳᠤ ᠬᠦᠷᠴᠦ ᠲᠣᠭᠤᠷᠢᠨ ᠦᠵᠡᠵᠦ ᠵᠢᠭᠠᠨ ᠵᠢᠯᠣᠭᠤᠳᠤᠭᠰᠠᠨ ᠪᠥᠭᠡᠳ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠵᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠪᠣᠯᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠲᠥᠯᠥᠭᠡᠯᠡᠭᠴᠢ ᠲᠠᠢ ᠶᠠᠷᠢᠯᠴᠠᠨ ᠰᠣᠯᠢᠯᠴᠠᠵᠤ᠂ ︽ᠲᠤᠰᠬᠠᠢ ᠠᠰᠢᠭ ᠤᠨ ᠲᠤᠬᠠᠶᠢᠯᠠᠭᠰᠠᠨ ᠠᠵᠢᠯ ᠤᠨ ᠡᠷᠬᠢᠯᠡᠬᠦ ᠰᠢᠰᠲ᠋ᠧᠮ︾ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭᠠᠬᠢ ᠰᠢᠨ᠎ᠡ ᠶᠢ ᠡᠭᠦᠳᠬᠦ ᠭᠤᠣᠯ ᠴᠣᠭᠴᠠ ᠶᠢᠨ ᠲᠤᠰᠬᠠᠢ ᠠᠰᠢᠭ ᠤᠨ ᠰᠦᠢᠳᠬᠡᠯ ᠬᠤᠷᠢᠶᠠᠬᠤ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠢᠴᠢ ᠬᠡᠷᠡᠭᠯᠡᠭᠡᠨ ᠤ ᠬᠠᠷᠢᠭᠤ ᠲᠤᠰᠬᠠᠯ ᠪᠣᠯᠤᠨ ᠰᠠᠨᠠᠯ ᠰᠠᠨᠠᠭᠤᠯᠭ᠎ᠠ ᠶᠢ ᠭᠦᠢᠴᠡᠳ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠰᠢᠨ᠎ᠡ ᠶᠢ ᠡᠭᠦᠳᠬᠦ ᠭᠤᠣᠯ ᠴᠣᠭᠴᠠ ᠶᠢᠨ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ᠂ ᠵᠠᠷᠤᠳᠠᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠪᠡ᠃


3.jpg


    ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠣᠷᠣᠨ ᠤ ᠣᠶᠢᠷ᠎ᠠ ᠶᠢᠨ ᠵᠢᠯ ᠤᠨ ᠲᠤᠷᠰᠢᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠤᠪᠣᠷ ᠰᠢᠷᠣᠶ ᠶᠢᠨ ᠠᠵᠤ ᠦᠢᠯᠡᠰ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ᠂ ᠴᠠᠭᠠᠨ ᠢᠳᠡᠭᠡᠨ ᠤ ᠠᠵᠤ ᠦᠢᠯᠡᠰ᠂ ᠡᠪᠡᠰᠦᠨ ᠤ ᠠᠵᠤ ᠦᠢᠯᠡᠰ ᠤᠨ ᠥᠨᠳᠥᠷ ᠬᠢᠷᠢ ᠲᠦᠪᠰᠢᠨ ᠲᠠᠢ ᠰᠢᠨ᠎ᠡ ᠶᠢ ᠡᠭᠦᠳᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠠᠬᠢᠭᠤᠯᠬᠤ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠳᠤᠷᠠᠳᠴᠤ᠂ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠤᠨ ᠲᠤᠰᠬᠠᠶ ᠠᠰᠢᠭ ᠤᠨ ᠡᠷᠬᠡ᠂ ᠲᠠᠸᠠᠷ ᠤᠨ ᠲᠡᠮᠳᠡᠭ ᠤᠨ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾᠂ ᠠᠶᠢᠮᠠᠭ ᠬᠤᠲᠠ ᠶᠢᠨ ᠠᠵᠢᠯ ᠤᠨ ᠥᠷᠲᠡᠭᠡ ᠪᠠᠶᠢᠭᠤᠯᠬᠤ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠳᠤ ᠬᠦᠴᠦᠨ ᠨᠡᠮᠡᠷᠢᠯᠡᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠵᠡᠷᠭᠡ ᠰᠢᠨ᠎ᠡ ᠶᠢ ᠡᠭᠦᠳᠬᠦ ᠠᠷᠭ᠎ᠠ ᠬᠢᠳᠡᠯ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠨ ᠢᠯᠡᠳᠬᠡᠪᠡ᠃ ᠰᠢᠨ᠎ᠡ ᠶᠢ ᠡᠭᠦᠳᠬᠦ ᠭᠤᠤᠯ ᠴᠣᠭᠴᠠ ᠶᠢᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠣᠤᠷᠠᠬᠢ ᠭᠤᠷᠪᠠᠨ ᠲᠠᠯ᠎ᠠ ᠠᠴᠠ ᠲᠤᠰᠬᠠᠶ ᠠᠰᠢᠭ ᠤᠨ ᠰᠦᠢᠳᠬᠡᠯ ᠬᠤᠷᠢᠶᠠᠬᠤ ᠲᠦᠷᠢᠮ ᠢ ᠰᠢᠯᠢᠳᠡᠭᠵᠢᠭᠦᠯᠦᠨ᠎ᠡ ᠭᠡᠵᠦ ᠳᠤᠷᠠᠳᠪᠠ᠄ ᠨᠢᠭᠡ ᠳᠤ ᠲᠤᠰᠬᠠᠶ ᠠᠰᠢᠭ ᠤᠨ ᠬᠢᠨᠠᠨ ᠪᠠᠶᠢᠴᠠᠭᠠᠯᠲᠠ ᠶᠢᠨ ᠦᠶᠡᠯᠡᠯ ᠤᠨ ᠬᠤᠭᠤᠴᠠᠭ᠎ᠠ ᠶᠢ ᠰᠢᠯᠢᠳᠡᠭᠵᠢᠭᠦᠯᠵᠦ᠂ ᠲᠤᠰᠬᠠᠶ ᠠᠰᠢᠭ ᠤᠨ ᠬᠢᠨᠠᠨ ᠪᠠᠶᠢᠴᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠤᠰᠬᠠᠶ ᠠᠰᠢᠭ ᠤᠨ ᠬᠢᠨᠠᠨ ᠪᠠᠶᠢᠴᠠᠭᠠᠯᠲᠠ ᠶᠢᠨ ᠵᠠᠭᠪᠤᠷ ᠢ ᠲᠡᠭᠦᠯᠳᠡᠷᠵᠢᠭᠦᠯᠦᠨ᠎ᠡ︔ ᠬᠤᠶᠠᠷ ᠲᠤ ᠲᠤᠰᠬᠠᠶ ᠠᠰᠢᠭ ᠤᠨ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠰᠢᠰᠲ᠋ᠧᠮ ᠢ ᠳᠡᠯᠭᠡᠷᠡᠭᠦᠯᠵᠦ᠂ ᠲᠤᠰᠬᠠᠶ ᠠᠰᠢᠭ ᠤᠨ ᠲᠤᠬᠠᠶᠢᠯᠠᠭᠰᠠᠨ ᠠᠵᠢᠯ ᠤᠨ ︽ᠨᠢᠭᠡ ᠴᠣᠩᠬᠤᠪᠴᠢ ᠪᠠᠷ ᠭᠦᠢᠴᠡᠳᠭᠡᠬᠦ᠂ ᠨᠢᠭᠡ ᠥᠷᠲᠡᠭᠡ ᠪᠠᠷ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠬᠠᠷᠢᠶ᠎ᠠ ᠭᠠᠵᠠᠷ ᠲᠤᠨᠢ ᠭᠦᠢᠴᠡᠳᠭᠡᠬᠦ ᠪᠠ ᠨᠠᠷᠢᠯᠢᠭ ᠣᠨᠣᠪᠴᠢᠲᠠᠢ ᠭᠦᠢᠴᠡᠳᠭᠡᠬᠦ︾ ᠵᠡᠷᠭᠡ ᠣᠯᠠᠨ ᠵᠠᠭᠪᠤᠷ ᠢᠶᠠᠷ ᠳᠥᠭᠦᠮ ᠳᠥᠲᠡ ᠭᠦᠢᠴᠡᠳᠭᠡᠬᠦ ᠦᠢᠯᠡᠴᠢᠯᠡᠭᠡ ᠶᠢ ᠠᠬᠢᠭᠤᠯᠤᠨ᠎ᠠ︔ ᠭᠤᠷᠪᠠ ᠳᠤ ᠲᠤᠰᠬᠠᠶ ᠠᠰᠢᠭ ᠤᠨ ᠲᠦᠷᠢᠮ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠦᠵᠡᠭᠦᠯᠬᠦ ᠲᠦᠷᠭᠡᠳᠬᠡᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠤᠰᠬᠠᠶ ᠠᠰᠢᠭ ᠤᠨ ᠬᠤᠪᠢᠷᠠᠭᠤᠯᠤᠯᠲᠠ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠠᠳᠠᠷᠠᠭᠤᠯᠤᠨ᠎ᠠ᠃


4.jpg


    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠬᠢᠭᠡᠳ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠨᠢᠭᠲᠠ ᠬᠠᠷᠢᠯᠴᠠᠭ᠎ᠠ ᠶᠢ ᠭᠦᠨᠵᠡᠭᠡᠶ ᠣᠶᠢᠯᠠᠭᠠᠵᠤ᠂ ᠲᠤᠰᠬᠠᠶ ᠠᠰᠢᠭ ᠢ ᠰᠢᠯᠵᠢᠭᠦᠯᠦᠨ ᠬᠤᠪᠢᠷᠠᠭᠤᠯᠬᠤ᠂ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠤᠨ ᠳᠡᠯᠭᠡᠷᠡᠭᠦᠯᠬᠦ ᠶᠢ ᠠᠬᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠡᠳᠬᠢᠬᠦᠶ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠮᠠᠨ ᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ᠃ 

 

ᠢᠷᠡᠯᠲᠡ᠄ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ