ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠳᠠᠭᠠᠯᠲᠠ ᠮᠠᠶ᠋ᠢᠭ︾ ᠤᠨ ᠬᠠᠤᠯᠢ ᠬᠡᠷᠡᠭᠵᠢᠭᠦᠯᠦᠯᠲᠡ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/7/2

    ︽ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ︾᠃ ᠣᠶᠢᠷ᠎ᠠ ᠶᠢᠨ ᠵᠢᠯ ᠠᠴᠠ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠠᠭᠠᠯᠲᠠ ᠮᠠᠶ᠋ᠢᠭ︾ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ︽ᠭᠤᠷᠪᠠ ᠶᠢ ᠤᠶᠠᠯᠳᠤᠭᠤᠯᠬᠤ︾ ᠶᠢ ᠪᠠᠷᠢᠮᠲᠠᠯᠠᠨ᠂ ︽ᠭᠤᠷᠪᠠ ᠶᠢ ᠴᠢᠩᠭᠠᠳᠬᠠᠬᠤ︾ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠡᠷᠡᠭ ᠤᠨ ᠡᠬᠢ ᠶᠢᠨ ᠬᠠᠮᠢᠶᠠᠷᠤᠯᠲᠠ᠂ ᠬᠠᠤᠯᠢ ᠲᠦᠷᠢᠮ ᠤᠨ ᠤᠷᠢᠳᠴᠢᠯᠠᠨ ᠣᠷᠣᠯᠴᠠᠬᠤ᠂ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠵᠢᠯᠣᠭᠤᠳᠬᠤ᠂ ᠬᠡᠷᠡᠭ ᠲᠤ ᠣᠷᠣᠯᠴᠠᠭᠰᠠᠨ ᠪᠠᠶᠢᠳᠠᠯ ᠢ ᠰᠤᠳᠤᠯᠤᠨ ᠮᠠᠭᠠᠳᠯᠠᠬᠤ ᠪᠠ ᠬᠡᠷᠡᠭ ᠤᠨ ᠳᠠᠷᠠᠭᠠᠬᠢ ᠬᠠᠷᠢᠭᠤ ᠰᠤᠷᠪᠤᠯᠵᠢᠯᠠᠬᠤ ᠵᠡᠷᠭᠡ ᠪᠥᠬᠦ ᠶᠠᠪᠤᠴᠠ ᠶᠢᠨ ᠬᠠᠤᠯᠢ ᠬᠡᠷᠡᠭᠵᠢᠭᠦᠯᠬᠦ ᠬᠢᠨᠠᠯᠲᠠ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃

    ᠬᠡᠷᠡᠭ ᠤᠨ ᠡᠮᠦᠨᠡᠬᠢ ᠬᠢᠨᠠᠯᠲᠠ ᠶᠢᠨ ᠲᠣᠭᠤᠷᠢᠨ ᠳᠤ᠂ ᠰᠠᠭᠤᠷᠢ ᠪᠠᠲᠤᠯᠠᠭ᠎ᠠ ᠶᠢ ᠴᠢᠩᠭᠠᠳᠬᠠᠪᠠ

    ᠨᠢᠭᠡ ᠳᠤ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠷᠪᠠᠨ ᠵᠦᠢᠯ ᠤᠨ ᠵᠢᠷᠤᠮᠵᠢᠯ︾ ᠢ ᠨᠡᠶᠢᠲᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠯᠳᠤᠭᠤᠯᠬᠤ ᠠᠵᠢᠯ ᠤᠨ ︽ᠲᠠᠪᠤᠨ ᠵᠦᠢᠯ ᠤᠨ ᠲᠣᠭᠲᠠᠴᠠ︾ ᠶᠢ ᠪᠠᠶᠢᠭᠤᠯᠤᠨ ᠪᠦᠷᠢᠨᠰᠢᠭᠦᠯᠵᠦ᠂ ︽ᠬᠤᠶᠠᠷ ᠢ ᠬᠡᠯᠲᠦᠷᠢᠭᠦᠯᠵᠦ ᠬᠤᠶᠠᠷ ᠢ ᠬᠥᠩᠭᠡᠪᠴᠢᠯᠡᠬᠦ︾ ᠳᠥᠷᠪᠡᠨ ᠵᠦᠢᠯ ᠤᠨ ᠨᠠᠷᠢᠨ ᠳᠠᠩᠰᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠳᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠦᠯᠢᠭᠡᠷ ᠬᠡᠪ︾ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠨ ᠵᠢᠷᠤᠮᠵᠢᠯ︾ ︽ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠵᠢᠯᠣᠭᠤᠳᠬᠤ ᠭᠠᠷᠴᠠᠭ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠶᠢ ᠳᠠᠭᠤᠷᠢᠶᠠᠵᠤ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠮᠵᠢᠭᠤᠯᠬᠤ  ᠸᠢᠳᠢᠤ᠋ ︾ ᠵᠣᠬᠢᠶᠠᠵᠤ᠂ ᠪᠥᠬᠦ ᠬᠤᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠯᠣᠭᠤᠳᠪᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ ᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠲᠦᠷᠢᠮ ᠤᠨ ᠪᠠᠲᠤᠯᠠᠭ᠎ᠠ ᠬᠠᠩᠭᠠᠪᠠ᠃

    ᠬᠤᠶᠠᠷ ᠲᠤ ᠵᠢᠷᠤᠮᠵᠢᠭᠰᠠᠨ ᠵᠢᠯᠣᠭᠤᠳᠣᠯᠭ᠎ᠠ ᠬᠠᠩᠭᠠᠵᠤ᠂ ᠵᠢᠷᠤᠮᠯᠠᠬᠤ ᠲᠦᠷᠢᠮ ᠲᠠᠢ ᠪᠣᠯᠭᠠᠪᠠ᠃ ᠬᠡᠷᠡᠭ ᠪᠠᠶᠢᠭᠠᠳ ᠰᠢᠢᠳᠪᠦᠷᠢᠯᠡᠬᠦ ᠦᠭᠡᠶ᠂ ᠠᠰᠢᠭ ᠬᠥᠭᠡᠭᠡᠴᠡᠯᠳᠦᠬᠦ ᠴᠢᠨᠠᠷᠲᠠᠶ ᠪᠠᠷ ᠬᠠᠤᠯᠢ ᠬᠡᠷᠡᠭᠵᠢᠭᠦᠯᠬᠦ᠂ ᠰᠣᠩᠭᠤᠯᠲᠠ ᠶᠢᠨ ᠴᠢᠨᠠᠷᠲᠠᠶ ᠪᠠᠷ ᠬᠠᠤᠯᠢ ᠬᠡᠷᠡᠭᠵᠢᠭᠦᠯᠬᠦ ᠠᠰᠠᠭᠤᠳᠠᠯ ᠢ ᠲᠠᠰᠤ ᠵᠣᠭᠰᠣᠭᠠᠵᠤ᠂ ᠬᠡᠷᠡᠭ ᠤᠨ ᠰᠦᠪᠡᠭᠴᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠰᠦᠪᠡᠭᠴᠢ ᠶᠢ ᠬᠠᠮᠢᠶᠠᠷᠬᠤ ᠪᠠ ᠰᠢᠢᠳᠪᠦᠷᠢᠯᠡᠬᠦ ᠠᠵᠢᠯ ᠤᠨ ᠳᠦᠷᠢᠮ︾ ᠢ ᠲᠣᠭᠲᠠᠭᠠᠵᠤ᠂ ︽ᠡᠬᠡ ᠳᠠᠩᠰᠠ ᠮᠠᠶ᠋ᠢᠭ︾ ᠤᠨ ᠬᠡᠷᠡᠭ ᠤᠨ ᠡᠬᠢ ᠶᠢᠨ ᠬᠠᠮᠢᠶᠠᠷᠤᠯᠲᠠ᠂ ︽ᠬᠠᠭᠤᠳᠠᠰᠤ ᠲᠣᠮᠢᠯᠠᠬᠤ ᠮᠠᠶ᠋ᠢᠭ︾ ᠤᠨ ᠬᠤᠪᠢᠶᠠᠨ ᠭᠦᠢᠴᠡᠳᠬᠡᠬᠦ ᠳᠦᠷᠢᠮ ᠪᠣᠯᠤᠨ ︽ᠦᠢᠯᠡᠴᠢᠯᠡᠬᠦ ᠬᠡᠯᠪᠡᠷᠢ︾ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠡᠷᠭᠡ ᠳᠦᠷᠢᠮ ᠲᠣᠭᠲᠠᠭᠠᠯ ᠢ ᠲᠣᠭᠲᠠᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠯᠳᠤᠭᠤᠯᠬᠤ ᠶᠢ ᠴᠢᠩᠭᠠᠳᠬᠠᠬᠤ ᠶᠢᠨ ᠲᠥᠯᠥᠭᠡ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠬᠦ ᠠᠵᠢᠯ ᠤᠨ ᠲᠣᠭᠲᠠᠭᠠᠯ︾ ᠢ ᠲᠣᠭᠲᠠᠭᠠᠵᠤ᠂ ︽ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠬᠦ ᠬᠤᠯᠪᠣᠭᠳᠠᠯ ᠪᠥᠬᠦᠶ ᠲᠣᠭᠲᠠᠭᠠᠯ ᠤᠨ ᠡᠮᠬᠢᠳᠬᠡᠯ︾ ᠢ ᠳᠠᠷᠤᠮᠠᠯᠯᠠᠵᠤ᠂ 7 ᠶᠡᠭᠡ ᠲᠥᠷᠥᠯ ᠤᠨ 33 ᠵᠦᠢᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ ᠨᠡᠬᠡᠮᠵᠢᠯᠡᠨ ᠵᠠᠭᠠᠯᠳᠤᠬᠤ ᠪᠠᠷᠢᠮᠵᠢᠶ᠎ᠠ ᠶᠢᠨ ᠲᠣᠭᠲᠠᠭᠠᠯ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠵᠡᠷᠭᠡ ᠶᠢ ᠴᠤᠭᠯᠠᠭᠤᠯᠤᠨ ᠡᠮᠬᠢᠳᠬᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠶᠠᠯ᠎ᠠ ᠳᠤ ᠬᠤᠯᠪᠣᠭᠳᠠᠭᠰᠠᠨ ᠰᠢᠯᠵᠢᠭᠦᠯᠦᠨ ᠲᠤᠰᠢᠶᠠᠬᠤ ᠪᠠᠷᠢᠮᠵᠢᠶ᠎ᠠ ᠵᠢᠴᠢ ᠬᠤᠯᠪᠣᠭᠳᠠᠯ ᠪᠥᠬᠦᠶ ᠡᠷᠡᠭᠦᠦ ᠶᠢᠨ ᠬᠡᠷᠡᠭ ᠲᠤ ᠬᠤᠯᠪᠣᠭᠳᠠᠭᠰᠠᠨ ᠰᠢᠯᠵᠢᠭᠦᠯᠦᠨ ᠲᠤᠰᠢᠶᠠᠬᠤ ᠲᠥᠷᠥ ᠶᠢᠨ ᠪᠣᠳᠣᠯᠭ᠎ᠠ ᠶᠢ ᠤᠶᠢᠯᠠᠭᠠᠨ ᠡᠵᠡᠮᠰᠢᠬᠦ ᠳᠤ ᠲᠥᠬᠦᠮ ᠦᠵᠡᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠶᠤᠯ ᠲᠦᠭᠰᠢᠭᠦᠷᠢ ᠠᠴᠠ ᠵᠠᠶᠢᠯᠠᠰᠬᠢᠪᠠ᠃

    ᠭᠤᠷᠪᠠ ᠳᠤ ᠬᠠᠤᠯᠢ ᠲᠣᠭᠲᠠᠭᠠᠯ ᠤᠨ ᠪᠣᠯᠪᠠᠰᠤᠷᠠᠯ ᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ︽ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ︾ ᠪᠠ ︽ᠬᠠᠤᠯᠢ ᠬᠡᠷᠡᠭᠵᠢᠭᠦᠯᠬᠦ ᠳᠦᠷᠢ ᠲᠥᠷᠬᠦ ᠶᠢ ᠱᠤᠭᠤᠬᠤ ᠣᠨ︾ ᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ︽ᠭᠤᠷᠪᠠᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠪᠡ᠃ ︽ᠲᠤᠰᠬᠠᠶ ᠮᠡᠷᠭᠡᠵᠢᠯᠲᠡᠨ + ᠭᠤᠣᠯᠯᠠᠭᠴᠢ ᠬᠦᠴᠦᠨ + ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠡᠯᠪᠡᠷᠢ ᠪᠠᠷ ᠪᠦᠬᠦ ᠰᠢᠰᠲ᠋ᠧᠮ ᠤᠨ ᠬᠠᠤᠯᠢ ᠬᠡᠷᠡᠭᠵᠢᠭᠦᠯᠬᠦ ᠭᠤᠤᠯᠯᠠᠭᠴᠢ ᠬᠦᠴᠦᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠭᠢᠯᠡᠪᠡ︔ ᠬᠠᠭᠠᠰ ᠰᠠᠷ᠎ᠠ ᠳᠤ ᠨᠢᠭᠡ ᠤᠳᠠᠭ᠎ᠠ ︽ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠢᠴᠢᠶᠡᠯ ᠤᠨ ᠲᠠᠩᠬᠢᠮ︾ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠢᠷᠢ ᠬᠡᠮᠵᠢᠶ᠎ᠡ ᠪᠠ ᠴᠢᠳᠠᠪᠤᠷᠢ ᠶᠢ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠭᠤᠤᠯᠯᠠᠭᠴᠢ ᠴᠢᠳᠠᠪᠤᠷᠢᠲᠠᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠰᠢᠰᠲ᠋ᠧᠮ ᠤᠨ ᠳᠣᠲᠣᠭᠠᠳᠤ ᠶᠢᠨ ᠬᠠᠤᠯᠢ ᠬᠡᠷᠡᠭᠵᠢᠭᠦᠯᠬᠦ ᠭᠤᠤᠯᠯᠠᠭᠴᠢ ᠬᠦᠴᠦᠨ ᠢ ᠰᠢᠯᠢᠨ ᠰᠣᠩᠭᠤᠬᠤ᠂ ᠬᠥᠮᠦᠵᠢᠭᠦᠯᠬᠦ ᠪᠠ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠪᠠ︔ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠠᠤᠯᠢ ᠪᠠᠷ ᠵᠠᠰᠠᠬᠤ ᠪᠣᠯᠪᠠᠰᠤᠷᠠᠯ ᠤᠨ ᠯᠧᠺᠲ᠋ᠣᠷ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ︽ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ︾ ᠪᠠ ︽ᠬᠠᠤᠯᠢ ᠴᠠᠭᠠᠵᠠ ᠶᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠪᠡ᠃ ᠡᠭᠦᠨ ᠳᠤ᠂ ᠨᠢᠭᠡᠳᠦᠭᠡᠷ ᠬᠤᠭᠤᠴᠠᠭᠠᠨ ᠤ ︽ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ︾ ᠨᠢ ᠪᠥᠬᠦ ᠬᠤᠲᠠ ᠶᠢᠨ 520 ᠭᠠᠷᠤᠶ ᠬᠥᠮᠦᠨ ᠢ ᠵᠣᠬᠢᠶᠠᠨ ᠪᠠᠶᠢᠭᠤᠯᠵᠤ ᠪᠣᠯᠪᠠᠰᠤᠷᠠᠯ ᠳᠤ ᠣᠷᠣᠯᠴᠠᠭᠤᠯᠪᠠ᠃ ᠡᠨᠡ ᠵᠢᠯ ᠤᠨ 1 ᠠᠴᠠ 6 ᠳ᠋ᠤᠭᠠᠷ ᠰᠠᠷ᠎ᠠ ᠪᠣᠯᠲᠠᠯ᠎ᠠ᠂ ᠨᠡᠶᠢᠲᠡ 24 ᠲᠠᠯᠠᠪᠤᠷ ᠣᠯᠠᠨ ᠬᠡᠯᠪᠡᠷᠢ ᠶᠢᠨ ᠰᠤᠷᠤᠯᠴᠠᠯᠭ᠎ᠠ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠣᠷᠣᠯᠴᠠᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃

    ᠬᠡᠷᠡᠭ ᠤᠨ ᠳᠤᠮᠳᠠᠬᠢ ᠬᠢᠨᠠᠯᠲᠠ ᠶᠢᠨ ᠲᠣᠭᠤᠷᠢᠨ ᠳᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠴᠢᠩᠭᠠᠳᠬᠠᠪᠠ

    ᠨᠢᠭᠡ ᠳᠤ ︽ᠳᠠᠭᠠᠯᠲᠠ ᠮᠠᠶ᠋ᠢᠭ︾ ᠤᠨ ᠬᠠᠤᠯᠢ ᠬᠡᠷᠡᠭᠵᠢᠭᠦᠯᠦᠯᠲᠡ ᠶᠢ ᠥᠷᠨᠢᠭᠦᠯᠪᠡ᠃ ᠬᠠᠤᠯᠢ ᠬᠡᠷᠡᠭᠵᠢᠭᠦᠯᠬᠦ ᠶᠠᠪᠤᠴᠠ ᠳᠤ ᠬᠠᠤᠯᠢ ᠬᠡᠷᠡᠭᠵᠢᠭᠦᠯᠬᠦ ᠠᠵᠢᠯᠲᠠᠨ ᠤ ᠪᠠᠶᠢᠴᠠᠭᠠᠨ ᠭᠡᠷᠡᠴᠢ ᠠᠪᠬᠤ ᠵᠢᠷᠤᠮᠵᠢᠯᠳᠤ ᠴᠢᠨᠠᠷ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠤᠨ ᠵᠦᠶ ᠶᠣᠰᠣᠴᠢ ᠴᠢᠨᠠᠷ᠂ ᠪᠠᠭᠲᠠᠭᠠᠮᠵᠢᠲᠠᠶ ᠮᠥᠷᠲᠡᠭᠡᠨ ᠤᠶᠠᠨ ᠬᠠᠳᠠᠨ ᠴᠢᠨᠠᠷ ᠢᠶᠠᠷ ᠬᠠᠤᠯᠢ ᠬᠡᠷᠡᠭᠵᠢᠭᠦᠯᠬᠦ ᠵᠡᠷᠭᠡ ᠪᠠᠶᠢᠳᠠᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠮᠤᠭ ᠤᠨ ᠲᠡᠷᠢᠭᠦᠨ ᠳᠤ ᠠᠩᠬᠠᠳᠠᠭᠴᠢ ᠬᠠᠷᠠᠭᠠᠰᠤ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠵᠦ᠂ ᠬᠠᠤᠯᠢ ᠲᠦᠷᠢᠮ ᠤᠨ ᠠᠵᠢᠯᠲᠠᠨ᠂ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠳᠤ ᠬᠠᠤᠯᠢᠴᠢ ᠵᠡᠷᠭᠡ ᠶᠢ ᠵᠣᠬᠢᠶᠠᠨ ᠪᠠᠶᠢᠭᠤᠯᠵᠤ ᠪᠥᠬᠦ ᠶᠠᠪᠤᠴᠠ ᠳᠤ ︽ᠳᠠᠭᠠᠯᠲᠠ ᠮᠠᠶ᠋ᠢᠭ︾ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠣᠷᠣᠯᠴᠠᠭᠤᠯᠵᠤ᠂ ᠨᠢᠭᠡ ᠲᠠᠯ᠎ᠠ ᠪᠠᠷ ᠬᠠᠤᠯᠢ ᠲᠦᠷᠢᠮ ᠤᠨ ᠬᠢᠨᠠᠨ ᠬᠠᠷᠭᠤᠭᠤᠯᠬᠤ ᠠᠵᠢᠯᠲᠠᠨ ᠪᠥᠬᠦ ᠲᠠᠯ᠎ᠠ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠪᠥᠬᠦ ᠶᠠᠪᠤᠴᠠ ᠪᠠᠷ ᠬᠢᠨᠠᠯᠲᠠ ᠲᠠᠯᠪᠢᠵᠤ ᠪᠣᠯᠤᠨ᠎ᠠ︔  ᠨᠥᠭᠦᠭᠡ ᠲᠠᠯ᠎ᠠ ᠪᠠᠷ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯᠲᠠᠨ ᠳᠤ ᠬᠡᠷᠡᠭ ᠤᠨ ᠪᠠᠶᠢᠳᠠᠯ ᠢ ᠤᠷᠢᠳᠴᠢᠯᠠᠨ ᠣᠶᠢᠯᠠᠭᠠᠭᠤᠯᠤᠨ ᠡᠵᠡᠮᠰᠢᠭᠦᠯᠵᠦ᠂ ᠨᠡᠩ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠬᠡᠷᠡᠭ ᠢ ᠬᠢᠨᠠᠨ ᠬᠠᠷᠭᠤᠭᠤᠯᠬᠤ ᠶᠢ ᠥᠷᠨᠢᠭᠦᠯᠬᠦ ᠳᠤ ᠠᠰᠢᠭᠲᠠᠶ ᠪᠣᠯᠭᠠᠪᠠ᠃ ᠲᠣᠮᠣ ᠬᠡᠷᠡᠭ᠂ ᠲᠦᠪᠡᠭ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠳᠤ᠂ ᠬᠠᠤᠯᠢ ᠳᠦᠷᠢᠮ ᠤᠨ ᠠᠵᠢᠯᠲᠠᠨ ᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠣᠷᠣᠯᠴᠠᠭᠤᠯᠬᠤ᠂ ᠵᠥᠪᠳᠡᠯᠴᠡᠨ ᠰᠤᠳᠤᠯᠤᠨ ᠮᠠᠭᠠᠳᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ ᠣᠷᠣᠯᠴᠠᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ︽ᠳᠠᠭᠠᠯᠲᠠ ᠮᠠᠶ᠋ᠢᠭ︾ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ ᠨᠡᠶᠢᠲᠡ 20 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃

    ᠬᠤᠶᠠᠷ ᠲᠤ ︽ᠦᠢᠯᠡᠴᠢᠯᠡᠬᠦ ᠬᠡᠯᠪᠡᠷᠢ︾ ᠶᠢᠨ ᠬᠠᠤᠯᠢ ᠬᠡᠷᠡᠭᠵᠢᠭᠦᠯᠦᠯᠲᠡ ᠶᠢ ᠠᠬᠢᠭᠤᠯᠪᠠ᠃ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠤᠶᠠᠯᠳᠤᠭᠤᠯᠬᠤ ᠪᠠ ᠪᠠᠭᠲᠠᠭᠠᠮᠵᠢᠲᠠᠶ ᠪᠣᠯᠭᠤᠮᠵᠢᠲᠠᠶ ᠵᠠᠷᠴᠢᠮ ᠢ ᠪᠠᠷᠢᠮᠲᠠᠯᠠᠨ᠂ ︽ᠦᠢᠯᠡᠴᠢᠯᠡᠬᠦ ᠬᠡᠯᠪᠡᠷᠢ︾ ᠶᠢᠨ ᠬᠠᠤᠯᠢ ᠬᠡᠷᠡᠭᠵᠢᠭᠦᠯᠬᠦ ᠵᠠᠭᠪᠤᠷ ᠢ ᠬᠡᠷᠡᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃ ᠵᠢᠯ ᠤᠨ ᠡᠬᠢᠨ ᠠᠴᠠ ᠨᠠᠭᠠᠰᠢ᠂ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠬᠤ ᠠᠵᠢᠯᠲᠠᠨ ᠢ ᠵᠣᠬᠢᠶᠠᠨ ᠪᠠᠶᠢᠭᠤᠯᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠢ᠂ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ ᠶᠢᠨ ᠠᠵᠤ ᠠᠬᠤᠶᠢᠯᠠᠯ᠂ ᠪᠣᠯᠪᠠᠰᠤᠷᠠᠭᠤᠯᠤᠭᠰᠠᠨ ᠲᠣᠰᠣ ᠪᠣᠷᠣᠯᠠᠭᠤᠯᠬᠤ ᠠᠵᠤ ᠠᠬᠤᠶᠢᠯᠠᠯ ᠳᠤ ᠬᠦᠷᠴᠦ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠯᠲᠠ ᠶᠢ 3 ᠤᠳᠠᠭ᠎ᠠ ᠥᠷᠨᠢᠭᠦᠯᠵᠦ᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠯᠣᠭᠤᠳᠬᠤ ᠭᠠᠷ ᠳᠡᠪᠲᠡᠷ︾ ᠢ 2000 ᠭᠠᠷᠤᠶ ᠳᠡᠪᠲᠡᠷ ᠲᠠᠷᠬᠠᠭᠠᠵᠤ᠂ ᠰᠠᠨᠠᠭᠤᠯᠤᠨ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ᠂ ᠬᠡᠷ ᠲᠤᠨᠢ ᠬᠦᠷᠴᠦ ᠵᠢᠯᠣᠭᠤᠳᠬᠤ ᠶᠢ 8 ᠤᠳᠠᠭ᠎ᠠ ᠥᠷᠨᠢᠭᠦᠯᠪᠡ᠃ ᠡᠭᠦᠨ ᠤ ᠬᠠᠮᠲᠤ᠂ ᠠᠵᠢᠯ ᠡᠷᠬᠢᠯᠡᠭᠰᠡᠳ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠱᠠᠭᠠᠷᠳᠠᠬᠤ ᠤᠬᠠᠮᠰᠠᠷ ᠢ ᠨᠢ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠠᠴᠠ ᠬᠠᠤᠯᠢ ᠶᠢ ᠮᠡᠳᠡᠵᠦ ᠬᠠᠤᠯᠢ ᠶᠢ ᠣᠶᠢᠯᠠᠭᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠬᠠᠤᠯᠢ ᠶᠢ ᠵᠢᠷᠤᠮᠯᠠᠨ ᠬᠠᠤᠯᠢ ᠶᠢ ᠰᠠᠬᠢᠵᠤ᠂ ᠦᠢᠯᠡᠴᠢᠯᠡᠭᠡ ᠪᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠡᠨᠡ ᠵᠢᠯ ᠠᠴᠠ ᠨᠠᠭᠠᠰᠢ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ᠬᠦᠩᠭᠡᠷᠡᠭᠦᠯᠦᠨ ᠰᠢᠢᠳᠬᠡᠬᠦ︾ ᠬᠡᠷᠡᠭ ᠢ ᠨᠡᠶᠢᠲᠡ 423 ᠬᠤᠪᠢ ᠰᠢᠢᠳᠪᠦᠷᠢᠯᠡᠵᠦ᠂ ︽ᠰᠢᠢᠳᠬᠡᠬᠦ ᠦᠭᠡᠢ︾ ᠬᠡᠷᠡᠭ ᠢ 63 ᠬᠤᠪᠢ ᠰᠢᠢᠳᠪᠦᠷᠢᠯᠡᠪᠡ᠃ ︽ᠦᠢᠯᠡᠴᠢᠯᠡᠬᠦ ᠬᠡᠯᠪᠡᠷᠢ︾ ᠶᠢᠨ ᠬᠠᠤᠯᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠤᠷᠭᠠᠨ ᠬᠥᠮᠦᠵᠢᠯ᠂ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠪᠦᠲᠦᠮᠵᠢᠲᠡᠶ ᠪᠠᠭᠠᠰᠬᠠᠨ᠂ ︽ᠳᠤᠯᠠᠭᠠᠴᠠ︾ ᠲᠠᠢ ᠬᠠᠤᠯᠢ ᠬᠡᠷᠡᠭᠵᠢᠭᠦᠯᠦᠯᠲᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃

    ᠬᠡᠷᠡᠭ ᠤᠨ ᠳᠠᠷᠠᠭᠠᠬᠢ ᠬᠢᠨᠠᠯᠲᠠ ᠶᠢᠨ ᠲᠣᠭᠤᠷᠢᠨ ᠳᠤ ᠬᠡᠷᠡᠭ ᠤᠨ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠪᠠ

    ᠨᠢᠭᠡ ᠳᠤ ᠬᠡᠷᠡᠭ ᠤᠨ ᠳᠠᠷᠠᠭᠠᠬᠢ ᠬᠠᠷᠢᠭᠤ ᠰᠤᠷᠪᠤᠯᠵᠢᠯᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠪᠡ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ︽ᠵᠠᠯᠬᠠᠭᠠᠬᠤ ᠰᠤᠷᠭᠠᠬᠤ ᠶᠢ ᠤᠶᠠᠯᠳᠤᠭᠤᠯᠬᠤ︾ ᠶᠢ ᠪᠡᠶᠡᠯᠡᠭᠦᠯᠵᠦ᠂ ᠬᠡᠷᠡᠭ ᠢᠶᠠᠷ ᠲᠣᠯᠢ ᠪᠣᠯᠭᠠᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠬᠠᠤᠯᠢ ᠲᠣᠭᠲᠠᠭᠠᠯ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠰᠠᠯᠠᠭ᠎ᠠ ᠲᠠᠰᠤᠭ ᠤᠨ ᠠᠵᠢᠯᠲᠠᠨ ᠪᠣᠯᠤᠨ ᠬᠡᠷᠡᠭ ᠰᠢᠢᠳᠪᠦᠷᠢᠯᠡᠬᠦ ᠠᠵᠢᠯᠲᠠᠨ ᠢ ᠵᠣᠬᠢᠶᠠᠨ ᠪᠠᠶᠢᠭᠤᠯᠤᠨ ᠬᠡᠷᠡᠭ ᠤᠨ ᠳᠠᠷᠠᠭᠠᠬᠢ ᠬᠠᠷᠢᠭᠤ ᠰᠤᠷᠪᠤᠯᠵᠢᠯᠠᠬᠤ ᠠᠵᠢᠯ ᠢ ᠴᠠᠭ ᠲᠤᠬᠠᠶ ᠳᠤᠨᠢ ᠥᠷᠨᠢᠭᠦᠯᠪᠡ᠃ ᠭᠡᠷ ᠲᠤᠨᠢ ᠬᠦᠷᠴᠦ ᠬᠡᠷᠡᠭ ᠶᠠᠪᠤᠳᠠᠯ ᠤᠨ ᠲᠤᠬᠠᠶ ᠶᠢᠨ ᠬᠥᠮᠦᠨ ᠲᠠᠢ ᠨᠢᠭᠤᠷᠳᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠶ ᠰᠠᠨᠠᠭᠤᠯᠭ᠎ᠠ ᠪᠠ ᠰᠠᠨᠠᠯ ᠢ ᠬᠢᠨᠠᠮᠠᠭᠠᠶ ᠰᠣᠨᠣᠰᠴᠤ᠂ ︽ᠰᠠᠨᠠᠭᠠᠴᠢᠯᠠᠭᠠᠲᠤ ᠪᠤᠰᠤ ᠪᠠᠷ ᠰᠤᠷᠪᠤᠯᠵᠢᠯᠠᠯ ᠢ ᠭᠥᠯᠢᠶᠡᠨ ᠠᠪᠬᠤ︾ ᠶᠢ ︽ᠰᠠᠨᠠᠭᠠᠴᠢᠯᠠᠭ᠎ᠠ ᠠᠴᠠ ᠪᠠᠨ ᠬᠠᠷᠢᠭᠤ ᠰᠤᠷᠪᠤᠯᠵᠢᠯᠠᠬᠤ︾ ᠪᠣᠯᠭᠠᠨ ᠬᠤᠪᠢᠷᠠᠭᠤᠯᠵᠤ᠂ ᠬᠠᠷᠢᠭᠤ ᠰᠤᠷᠪᠤᠯᠵᠢᠯᠠᠬᠤ ᠶᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠵᠥᠷᠢᠴᠡᠯ ᠢ ᠨᠠᠮᠳᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠲᠤᠬᠠᠶ ᠶᠢᠨ ᠬᠥᠮᠦᠨ ᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠳᠤ ᠡᠰᠡᠷᠭᠦᠴᠡᠯᠳᠦᠬᠦ ᠰᠡᠳᠬᠢᠯᠭᠡ ᠶᠢ ᠠᠷᠢᠯᠭᠠᠭᠰᠠᠨ ᠮᠥᠷᠲᠡᠭᠡᠨ ᠪᠠᠰᠠ ᠬᠠᠤᠯᠢ ᠶᠢ ᠰᠠᠬᠢᠵᠤ ᠡᠵᠡᠩᠨᠡᠬᠦ᠂ ᠬᠠᠤᠯᠢ ᠶᠣᠰᠣᠭᠠᠷ ᠡᠵᠡᠩᠨᠡᠬᠦ ᠶᠢ ᠬᠥᠲᠥᠯᠦᠨ ᠵᠢᠯᠣᠭᠤᠳᠴᠤ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ︽ ᠨᠢᠭᠡ ᠯᠠ ᠰᠢᠢᠳᠬᠡᠬᠦ ︾ ᠪᠠᠶᠢᠳᠠᠯ ᠭᠠᠷᠬᠤ ᠠᠴᠠ ᠵᠠᠶᠢᠯᠠᠰᠬᠢᠪᠠ᠃

    ᠬᠤᠶᠠᠷ ᠲᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠪᠡ᠃ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠵᠢᠯ ᠪᠦᠷᠢ ᠨᠢᠭᠡ ᠤᠳᠠᠭ᠎ᠠ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠲᠥᠪᠯᠡᠷᠡᠭᠦᠯᠦᠨ ᠦᠨᠡᠯᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯᠲᠠᠨ᠂ ᠬᠠᠤᠯᠢ ᠲᠦᠷᠢᠮ ᠤᠨ ᠬᠢᠨᠠᠨ ᠬᠠᠷᠭᠤᠭᠤᠯᠬᠤ ᠠᠵᠢᠯᠲᠠᠨ ᠪᠠ ᠲᠤᠰᠬᠠᠶ ᠮᠡᠷᠭᠡᠵᠢᠯᠲᠡᠨ ᠭᠤᠤᠯᠯᠠᠭᠴᠢ ᠬᠦᠴᠦᠨ ᠢ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠳᠤ ᠣᠷᠣᠯᠴᠠᠭᠤᠯᠵᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠᠷ ᠳᠠᠮᠵᠢᠭᠤᠯᠤᠨ ︽ᠵᠢᠵᠢᠭ ᠰᠠᠵᠢᠭ ᠵᠦᠢᠯ︾ ᠢᠶᠠᠷ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ︽ᠶᠡᠭᠡ ᠶᠠᠪᠤᠳᠠᠯ︾ ᠢ ᠠᠬᠢᠭᠤᠯᠪᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠬᠢᠯᠠᠰ ᠴᠡᠭ ᠢ ᠬᠤᠪᠢᠶᠠᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠯᠭᠠᠷᠠᠭᠤᠯᠤᠯᠲᠠ ᠳᠤ ᠣᠷᠣᠯᠴᠠᠭᠰᠠᠳ ᠬᠦᠴᠢᠷ ᠲᠦᠪᠡᠭᠲᠡᠶ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠨᠡᠪᠲᠡᠷᠡᠯᠴᠡᠨ ᠰᠣᠯᠢᠯᠴᠠᠵᠤ᠂ ᠣᠯᠠᠨ ᠲᠠᠯ᠎ᠠ ᠠᠴᠠ ᠬᠡᠷᠡᠭ ᠤᠨ ᠡᠪᠬᠡᠮᠡᠯ ᠢ ᠵᠠᠳᠠᠯᠤᠨ ᠰᠢᠨᠵᠢᠯᠡᠵᠦ᠂ ᠣᠯᠠᠨ ᠲᠠᠰ ᠳᠠᠪᠬᠤᠷᠭ᠎ᠠ ᠠᠴᠠ ᠶᠠᠷᠢᠯᠴᠠᠭ᠎ᠠ ᠥᠷᠨᠢᠭᠦᠯᠵᠦ᠂ ︽ᠠᠰᠠᠭᠤᠳᠠᠯ︾ ᠢ ᠢᠯᠡᠷᠡᠭᠦᠯᠬᠦ ᠳᠤ ᠠᠰᠢᠭᠲᠠᠶ ᠮᠥᠷᠲᠡᠭᠡᠨ ᠪᠠᠰᠠ ︽ᠬᠢᠯᠠᠰ ᠴᠡᠭ︾ ᠢ ᠳ᠋ᠦᠩᠨᠡᠨ ᠰᠤᠷᠤᠯᠴᠠᠬᠤ ᠳᠤ ᠠᠰᠢᠭᠲᠠᠶ ᠪᠠᠶᠢᠵᠤ᠂ ᠲᠠᠷᠠᠭᠠᠴᠢ ᠶᠢᠨ ᠬᠡᠷᠡᠭ ᠤᠨ ᠡᠪᠬᠡᠮᠡᠯ ᠤᠨ ᠶᠠᠰᠤ ᠴᠢᠨᠠᠷ ᠢ ᠡᠵᠡᠮᠳᠡᠬᠦ ᠠᠵᠢᠯ ᠢ ᠳᠡᠭᠡᠭᠰᠢᠯᠡᠭᠦᠯᠬᠦ ᠳᠤ ᠰᠠᠶᠢᠨ ᠰᠠᠭᠤᠷᠢ ᠶᠢ ᠲᠠᠯᠪᠢᠵᠤ ᠥᠭᠴᠡᠶ᠃

    ᠣᠳᠣᠬᠠᠨ ᠪᠣᠯᠲᠠᠯ᠎ᠠ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 1 ᠬᠡᠷᠡᠭ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠵᠤ᠂ 2 ᠬᠠᠤᠯᠢ ᠬᠡᠷᠡᠭᠵᠢᠭᠦᠯᠬᠦ ᠠᠵᠢᠯᠲᠠᠨ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠥᠬᠢᠭᠦᠯᠦᠯ ᠢ ᠣᠯᠵᠤ᠂ 1 ᠬᠠᠤᠯᠢ ᠬᠡᠷᠡᠭᠵᠢᠭᠦᠯᠬᠦ ᠠᠵᠢᠯᠲᠠᠨ ︽ᠤᠯᠠᠭᠠᠨᠬᠠᠳᠠ ᠬᠤᠲᠠ ᠶᠢᠨ ᠠᠷᠪᠠᠨ ᠶᠡᠭᠡ ᠬᠠᠤᠯᠢ ᠪᠠᠷ ᠵᠠᠰᠠᠬᠤ ᠬᠥᠮᠦᠨ︾ ᠢᠶᠠᠷ ᠦᠨᠡᠯᠡᠭᠳᠡᠪᠡ᠃ 

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ