ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠬᠤᠪᠢᠯᠭᠠᠨ ᠡᠮᠴᠢ︾ ︽ᠬᠤᠪᠢᠯᠭᠠᠨ ᠡᠮ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡᠨ ᠤ ᠲᠤᠰᠬᠠᠶ ᠵᠠᠰᠠᠯᠲᠠ ᠶᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/7/2

    ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠰᠠᠶᠢᠨ ᠰᠠᠶᠢᠬᠠᠨ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠵᠤ᠂ ᠬᠠᠮᠢᠶ᠎ᠠ ᠪᠥᠬᠦᠶ ᠠᠵᠢᠯ ᠲᠥᠷᠥᠯ ᠤᠨ ᠵᠢᠷᠤᠮᠵᠢᠯ ᠲᠠᠢ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮᠴᠢᠯᠡᠭᠡ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 4 ᠳ᠋ᠦ᠋ᠭᠡᠷ ᠰᠠᠷ᠎ᠠ ᠠᠴᠠ ᠡᠬᠢᠯᠡᠨ᠂ ᠪᠥᠬᠦ ᠬᠤᠲᠠ ᠶᠢᠨ ᠬᠡᠪᠴᠢᠶᠡᠨ ᠳᠤ ︽ᠬᠤᠪᠢᠯᠭᠠᠨ ᠡᠮᠴᠢ︾ ︽ᠬᠤᠪᠢᠯᠭᠠᠨ ᠡᠮ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡᠨ ᠤ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠷ ᠮᠡᠳᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠵᠤ᠂ ᠢᠯᠡᠳᠲᠡ ᠦᠷ᠎ᠡ ᠪᠦᠲᠦᠮᠵᠢ ᠤᠯᠪᠠ᠃

    ᠨᠢᠭᠡ ᠳᠤ ᠵᠠᠷ ᠮᠡᠳᠡᠭᠡ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠪᠥᠬᠦ ᠲᠠᠯ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠠᠴᠠ ᠵᠥᠷᠢᠴᠡᠭᠰᠡᠨ ᠵᠠᠷ ᠤᠨ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠬᠠᠤᠯᠢ ᠠᠴᠠ ᠵᠥᠷᠢᠴᠡᠭᠰᠡᠨ ᠵᠠᠷ ᠮᠡᠳᠡᠭᠡᠨ ᠤ ᠡᠵᠡᠩᠨᠡᠯᠲᠡ ᠶᠢᠨ ᠬᠡᠯᠬᠢᠶ᠎ᠡ ᠶᠢ ᠦᠨᠡᠨ ᠬᠦ ᠲᠠᠰᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠠᠰᠢᠭᠯᠠᠨ ᠬᠡᠯᠪᠡᠷᠢ ᠥᠭᠡᠷᠡᠲᠦᠭᠦᠯᠦᠭᠰᠡᠨ ᠡᠮᠴᠢᠯᠡᠭᠡ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ︽ᠬᠤᠪᠢᠯᠭᠠᠨ ᠡᠮᠴᠢ︾ ︽ᠬᠤᠪᠢᠯᠭᠠᠨ ᠡᠮ︾ ᠤᠨ ᠵᠠᠷ ᠮᠡᠳᠡᠭᠡᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ︔ ᠵᠠᠷ ᠮᠡᠳᠡᠭᠡ ᠡᠵᠡᠩᠨᠡᠭᠴᠢ᠂ ᠵᠠᠷ ᠮᠡᠳᠡᠭᠡ ᠨᠡᠶᠢᠲᠡᠯᠡᠭᠴᠢ ᠶᠢ ᠰᠢᠮᠳᠠᠭᠤᠯᠤᠨ ᠵᠠᠷ ᠮᠡᠳᠡᠭᠡ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠷ ᠮᠡᠳᠡᠭᠡ ᠦᠢᠯᠡᠳᠬᠦ ᠪᠠ ᠨᠡᠶᠢᠲᠡᠯᠡᠬᠦ ᠶᠢᠨ ᠬᠠᠤᠯᠢ ᠲᠣᠭᠲᠠᠭᠠᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠪᠠ᠃

    ᠬᠤᠶᠠᠷ ᠲᠤ ᠡᠮᠴᠢᠯᠡᠭᠡᠨ ᠤ ᠵᠢᠰᠦ ᠭᠤᠶᠣᠯᠠᠬᠤ ᠶᠢᠨ ᠬᠠᠤᠯᠢ ᠠᠴᠠ ᠵᠥᠷᠢᠴᠡᠭᠰᠡᠨ ᠵᠠᠷ ᠮᠡᠳᠡᠭᠡ ᠳᠤ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠪᠠ᠃ ᠶᠠᠮᠠᠷᠪᠠ ᠬᠡᠯᠪᠡᠷᠢ ᠪᠠᠷ ᠵᠠᠷ ᠮᠡᠳᠡᠭᠡ ᠶᠢ ᠬᠢᠨᠠᠨ ᠪᠠᠶᠢᠴᠠᠭᠠᠯᠭᠠᠭᠰᠠᠨ ᠦᠭᠡᠢ ᠪᠤᠶᠤ ᠵᠠᠷ ᠮᠡᠳᠡᠭᠡ ᠶᠢ ᠬᠢᠨᠠᠨ ᠪᠠᠶᠢᠴᠠᠭᠠᠭᠰᠠᠨ ᠠᠭᠤᠯᠭ᠎ᠠ ᠲᠠᠢ ᠨᠢᠭᠡᠳᠦᠯ ᠦᠭᠡᠢ ᠡᠮᠴᠢᠯᠡᠭᠡᠨ ᠤ ᠵᠢᠰᠦ ᠭᠤᠶᠣᠯᠠᠬᠤ ᠵᠠᠷ ᠮᠡᠳᠡᠭᠡ ᠶᠢ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠳᠦᠷᠢ ᠲᠥᠷᠬᠦ ᠪᠠᠨ ᠵᠣᠪᠠᠨᠢᠬᠤ ᠶᠢ ᠡᠭᠦᠰᠬᠡᠬᠦ᠂ ᠡᠮᠴᠢᠯᠡᠭᠡᠨ ᠤ ᠦᠷ᠎ᠡ ᠪᠦᠲᠦᠮᠵᠢ ᠪᠠᠨ ᠶᠡᠬᠡᠰᠬᠡᠬᠦ᠂ ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠴᠢᠨᠠᠷᠲᠠᠢ ᠠᠮᠠᠯᠠᠯᠲᠠ ᠬᠢᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡᠨ ᠤ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠪᠡ︔ ᠠᠮᠢᠳᠤᠷᠠᠯ ᠤᠨ ᠵᠢᠰᠦ ᠭᠤᠶᠣᠯᠠᠬᠤ ᠪᠠᠶᠢᠭᠤᠯᠤᠮᠵᠢ ᠶᠢᠨ ᠶᠠᠮᠠᠷᠪᠠ ᠬᠡᠯᠪᠡᠷᠢ ᠶᠢᠨ ᠡᠮᠴᠢᠯᠡᠭᠡᠨ ᠤ ᠵᠢᠰᠦ ᠭᠤᠶᠣᠯᠠᠬᠤ ᠵᠠᠷ ᠮᠡᠳᠡᠭᠡᠨ ᠤ ᠤᠬᠠᠭᠤᠯᠭ᠎ᠠ ᠬᠢᠬᠦ ᠶᠢ ᠴᠢᠩᠭ᠎ᠠ ᠴᠠᠭᠠᠵᠠᠯᠠᠪᠠ︔ ᠰᠦᠯᠵᠢᠶᠡᠨ ᠤ ᠲᠠᠪᠴᠠᠩ᠂ ᠰᠢᠭᠤᠳ ᠨᠡᠪᠲᠡᠷᠡᠭᠦᠯᠬᠦ ᠲᠠᠰᠤᠭ ᠵᠢᠴᠢ ᠭᠤᠸ᠎ᠠ ᠰᠠᠶᠢᠬᠠᠨ ᠤ ᠲᠥᠷᠥᠯ ᠤᠨ ᠭᠤᠤᠯ ᠨᠡᠪᠲᠡᠷᠡᠭᠦᠯᠦᠭᠴᠢ᠂ ᠤᠷ᠎ᠠ ᠠᠪᠢᠶᠠᠰᠲᠠᠨ ᠵᠡᠷᠭᠡ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠬᠠᠤᠯᠢ ᠠᠴᠠ ᠵᠥᠷᠢᠴᠡᠨ ᠡᠮᠴᠢᠯᠡᠭᠡᠨ ᠤ ᠵᠢᠰᠦ ᠭᠤᠶᠣᠯᠠᠬᠤ ᠵᠠᠷ ᠮᠡᠳᠡᠭᠡ ᠨᠡᠶᠢᠲᠡᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠪᠡ᠃

    ᠭᠤᠷᠪᠠ ᠳᠤ ︽ᠬᠢᠨᠠᠯᠲᠠ ᠬᠠᠮᠢᠶᠠᠷᠤᠯᠲᠠ + ᠬᠠᠤᠯᠢ ᠲᠦᠭᠡᠮᠡᠯᠵᠢᠭᠦᠯᠬᠦ + ᠦᠢᠯᠡᠴᠢᠯᠡᠬᠦ︾ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠠᠶᠢᠭᠤᠯᠪᠠ᠃ ᠵᠠᠷ ᠮᠡᠳᠡᠭᠡ ᠨᠡᠶᠢᠲᠡᠯᠡᠬᠦ ᠲᠣᠭᠲᠠᠭᠠᠯ ᠳᠤ ᠨᠡᠶᠢᠴᠡᠬᠦ ᠵᠢᠯᠣᠭᠤᠳᠣᠯᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠬᠤ ᠪᠥᠬᠦ ᠶᠠᠪᠤᠴᠠ ᠳᠤ ᠲᠤᠭᠤᠰᠢᠯᠠᠭᠤᠯᠵᠤ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠳᠤ ᠰᠠᠨᠠᠭᠠᠴᠢᠯᠠᠭ᠎ᠠ ᠠᠴᠠ ᠪᠠᠨ ︽ᠵᠠᠷ ᠮᠡᠳᠡᠭᠡᠨ ᠤ ᠬᠠᠤᠯᠢ︾ ︽ᠡᠮᠴᠢᠯᠡᠭᠡᠨ ᠤ ᠵᠠᠷ ᠮᠡᠳᠡᠭᠡᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠭᠤᠯᠤᠨ ᠬᠠᠤᠯᠢ ᠶᠢ ᠰᠠᠬᠢᠭᠤᠯᠵᠤ᠂ ᠲᠡᠳᠡᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠬᠦ ᠶᠢ ᠰᠢᠮᠳᠠᠭᠤᠯᠪᠠ᠃ ᠡᠭᠦᠨ ᠤ ᠬᠠᠮᠲᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠲᠤᠰᠬᠠᠶ ᠪᠠᠶᠢᠴᠠᠭᠠᠯᠲᠠ᠂ ᠢᠲᠡᠭᠡᠮᠵᠢ ᠶᠢᠨ ᠳ᠋ᠠᠶᠢᠲ᠋ᠠ ᠵᠡᠷᠭᠡ ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠤᠨ ᠲᠦᠭᠰᠢᠭᠦᠷᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠬᠠᠪᠰᠤᠷᠤᠨ ᠲᠡᠳᠬᠦᠬᠦ ᠦᠢᠯᠡᠴᠢᠯᠡᠭᠡ ᠶᠢ ᠴᠠᠭ ᠲᠤᠬᠠᠶ ᠳᠤᠨᠢ ᠥᠷᠨᠢᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃

    ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 128 ᠬᠥᠮᠦᠨ ᠤᠳᠠᠭ᠎ᠠ ᠬᠥᠳᠡᠯᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 260 ᠡᠷᠦᠬᠡ ᠤᠳᠠᠭ᠎ᠠ ᠪᠠᠶᠢᠴᠠᠭᠠᠵᠤ᠂ ᠬᠠᠤᠯᠢ ᠠᠴᠠ ᠵᠥᠷᠢᠴᠡᠨ ︽ᠬᠤᠪᠢᠯᠭᠠᠨ ᠡᠮᠴᠢ︾ ︽ᠬᠤᠪᠢᠯᠭᠠᠨ ᠡᠮ︾ ᠤᠨ ᠵᠠᠷ ᠮᠡᠳᠡᠭᠡ ᠨᠡᠶᠢᠲᠡᠯᠡᠭᠰᠡᠨ 11 ᠡᠵᠡᠩᠨᠡᠯᠲᠡ ᠶᠢᠨ ᠭᠤᠤᠯ ᠴᠣᠭᠴᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠴᠦ᠂ ᠵᠠᠷ ᠮᠡᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠪᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ