ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠶᠠᠳᠤᠭᠠᠷ ᠤᠯᠠᠷᠢᠯ ᠳᠤ ︽ᠭᠤᠷᠪᠠᠨ ᠶᠡᠭᠡ ᠬᠦᠷᠢᠶᠡᠨ︾  ᠳᠠᠬᠢ ᠲᠤᠰᠬᠠᠶ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/7/2

    ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠯᠵᠢᠶᠠᠨ ᠤ ᠳ᠋ᠦᠩᠨᠡᠨ ᠪᠣᠳᠣᠬᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠡᠯᠧᠺᠲᠷᠣᠨ ᠵᠢᠩᠯᠡᠭᠦᠷ᠂ ᠲᠣᠰᠣ ᠨᠡᠮᠡᠬᠦ ᠮᠠᠰᠢᠨ᠂ ᠮᠠᠰᠢᠨ ᠲᠡᠷᠭᠡᠨ ᠤ ᠵᠢᠩᠯᠡᠭᠦᠷ ᠬᠡᠷᠡᠭᠯᠡᠬᠦ ᠶᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠᠨ ᠶᠡᠭᠡ ᠬᠦᠷᠢᠶᠡᠨ ︾  ᠳᠠᠬᠢ ᠲᠤᠰᠬᠠᠶ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠂ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠶᠡᠷᠦᠩᠬᠡᠶ ᠬᠡᠮᠵᠢᠯᠲᠡ ᠶᠢᠨ ᠱᠠᠭᠠᠷᠳᠠᠯᠭ᠎ᠠ ᠶᠣᠰᠣᠭᠠᠷ᠂ ᠲᠤᠰᠬᠠᠶ ᠴᠡᠭᠴᠡᠯᠡᠨ ᠵᠠᠰᠠᠬᠤ ᠶᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠲᠠᠢ ᠤᠶᠠᠯᠳᠤᠭᠤᠯᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠠᠰᠢᠭᠯᠠᠨ ᠬᠡᠮ ᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃

    ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ‌ᠬᠠᠮᠢᠶᠠᠷᠤᠯᠲᠠ ᠶᠢ ᠴᠢᠩᠭᠠᠳᠬᠠᠪᠠ

    ᠨᠢᠭᠡ ᠳᠤ ᠨᠠᠷᠢᠨ ᠬᠢᠨᠠᠮᠠᠭᠠᠶ ᠪᠠᠶᠢᠴᠠᠭᠠᠵᠤ᠂ ᠠᠵᠢᠯ ᠢ ᠨᠠᠶᠢᠳᠠᠪᠤᠷᠢᠵᠢᠭᠤᠯᠪᠠ᠃ 5 ᠳ᠋ᠤᠭᠠᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠠᠶᠢᠮᠠᠭ᠂ ᠬᠤᠰᠢᠭᠤᠨ ᠤ ᠬᠤᠶᠠᠷ ᠱᠠᠲᠤᠨ ᠤ ᠬᠡᠮᠵᠢᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠᠶᠠᠨᠬᠤᠲᠠ ᠶᠢᠨ ᠮᠧᠶ ᠬᠦᠶ ᠬᠤᠸᠠ ᠶᠤᠸᠠᠨ ᠨᠡᠶᠢᠭᠡᠮ ᠲᠣᠭᠤᠷᠢᠭ ᠤᠨ ᠥᠷᠯᠥᠭᠡ ᠶᠢᠨ ᠵᠠᠬ᠎ᠠ᠂ ᠰᠢᠨ᠎ᠡ ᠲᠣᠭᠤᠷᠢᠭ ᠤᠨ ᠲᠦᠩ ᠵᠧᠦ ᠡᠷᠲᠡ ᠶᠢᠨ ᠵᠠᠬ᠎ᠠ᠂ ᠮᠣᠷᠢᠨ ᠤᠷᠤᠯᠳᠤᠭᠠᠨ ᠤ ᠲᠠᠯᠠᠪᠤᠷ ᠤᠨ ᠴᠤᠭᠯᠠᠭ᠎ᠠ ᠮᠠᠶᠢᠮᠠᠶ ᠶᠢᠨ ᠬᠤᠳᠠᠯᠳᠤᠭᠠᠴᠢᠨ ᠡᠯᠧᠺᠲᠷᠣᠨ ᠦᠨ᠎ᠡ ᠪᠣᠳᠣᠬᠤ ᠵᠢᠩᠯᠡᠭᠦᠷ ᠢ ᠬᠡᠷᠡᠭᠯᠡᠭᠰᠡᠨ ᠪᠠᠶᠢᠳᠠᠯ ᠢ ᠬᠢᠨᠠᠯᠲᠠ ᠲᠠᠯᠪᠢᠨ ᠪᠠᠶᠢᠴᠠᠭᠠᠵᠤ᠂ ᠪᠠᠶᠢᠴᠠᠭᠠᠨ ᠲᠣᠭᠲᠠᠭᠠᠭᠰᠠᠨ ᠦᠭᠡᠢ᠂ ᠪᠠᠶᠢᠴᠠᠭᠠᠨ ᠲᠣᠭᠲᠠᠭᠠᠭᠠᠳ ᠬᠢᠷᠢ ᠲᠡᠩᠴᠡᠭᠰᠡᠨ ᠦᠭᠡᠢ᠂ ᠪᠠᠶᠢᠴᠠᠭᠠᠨ ᠲᠣᠭᠲᠠᠭᠠᠭᠰᠠᠨ ᠴᠠᠭ ᠠᠴᠠ ᠬᠡᠲᠦᠷᠡᠭᠰᠡᠨ᠂ ᠭᠡᠮ ᠬᠢᠬᠦ ᠡᠯᠧᠺᠲᠷᠣᠨ ᠵᠢᠩᠯᠡᠭᠦᠷ ᠵᠡᠷᠭᠡ ᠶᠢ ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠳᠦᠷ ᠲᠤᠲᠤᠮ ᠤᠨ ᠪᠠᠶᠢᠴᠠᠭᠠᠯᠲᠠ ᠪᠠ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠲᠣᠭᠲᠠᠮᠠᠯ ᠳᠡᠯᠭᠡᠭᠦᠷᠴᠢᠨ ᠪᠠ ᠨᠡᠭᠦᠳᠡᠯ ᠳᠡᠯᠭᠡᠭᠦᠷᠴᠢᠨ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠬᠡᠷᠡᠭᠯᠡᠵᠦ ᠪᠠᠶᠢᠭ᠎ᠠ ᠡᠯᠧᠺᠲᠷᠣᠨ ᠦᠨ᠎ᠡ ᠪᠣᠳᠣᠵᠤ ᠵᠢᠩᠯᠡᠭᠦᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠬᠤᠶᠠᠷ ᠡᠷᠲᠡ ᠶᠢᠨ ᠵᠠᠬ᠎ᠠ ᠂ ᠨᠢᠭᠡ ᠴᠤᠭᠯᠠᠭ᠎ᠠ ᠵᠠᠬ᠎ᠠ ᠶᠢ ᠪᠠᠶᠢᠴᠠᠭᠠᠵᠤ᠂ ᠨᠡᠶᠢᠲᠡ 145 ᠬᠡᠮᠵᠢᠯᠲᠡ ᠶᠢᠨ ᠪᠠᠭᠠᠵᠢ ᠶᠢ ᠪᠠᠶᠢᠴᠠᠭᠠᠵᠤ᠂ ᠭᠡᠮ ᠬᠢᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠰᠡᠨ ᠦᠭᠡᠢ᠂ ᠪᠠᠶᠢᠴᠠᠭᠠᠬᠤ ᠳᠤᠮᠳᠠ ᠪᠠᠶᠢᠴᠠᠭᠠᠨ ᠲᠣᠭᠲᠠᠭᠠᠭᠰᠠᠨ ᠦᠭᠡᠢ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ 1 ᠦᠢᠯᠡ ᠠᠵᠢᠯᠯᠠᠭ᠎ᠠ ᠶᠢ ᠢᠯᠡᠷᠡᠭᠦᠯᠵᠦ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠰᠢᠯᠵᠢᠭᠦᠯᠦᠨ ᠰᠢᠢᠳᠪᠦᠷᠢᠯᠡᠭᠦᠯᠪᠡ᠃ ᠬᠤᠶᠠᠳᠤᠭᠠᠷ ᠤᠯᠠᠷᠢᠯ ᠳᠤ ᠪᠥᠬᠦ ᠠᠶᠢᠮᠠᠭ ᠲᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 248 ᠬᠥᠮᠦᠨ ᠤᠳᠠᠭ᠎ᠠ ᠬᠥᠳᠡᠯᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 553 ᠡᠷᠦᠬᠡ ᠤᠳᠠᠭ᠎ᠠ ᠪᠠᠶᠢᠴᠠᠭᠠᠵᠤ᠂ ᠦᠨ᠎ᠡ ᠪᠤᠳᠤᠬᠤ ᠡᠯᠧᠺᠲᠷᠣᠨ ᠵᠢᠩᠯᠡᠭᠦᠷ ︵ᠭᠤᠤᠯᠴᠢ ᠵᠢᠩᠯᠡᠭᠦᠷ ᠪᠠᠭᠲᠠᠨ᠎ᠠ︶ ᠢ 1046 ᠪᠠᠶᠢᠴᠠᠭᠠᠵᠤ᠂ ᠡᠭᠦᠨ ᠳᠤ 154 ᠵᠢᠩᠯᠡᠭᠦᠷ ᠨᠢ ᠰᠢᠯᠭᠠᠨ ᠲᠣᠭᠲᠠᠭᠠᠵᠤ ᠬᠢᠷᠢ ᠲᠡᠩᠴᠡᠭᠰᠡᠨ ᠲᠡᠮᠳᠡᠭ ᠪᠠᠶᠢᠬᠤ ᠥᠬᠡᠶ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠳᠤ ᠳᠠᠬᠢᠨ ᠵᠢᠩᠯᠡᠭᠰᠡᠨ ᠦᠷ᠎ᠡ ᠳ᠋ᠦᠩ ᠨᠢ ᠬᠢᠷᠢ ᠲᠡᠩᠴᠡᠵᠦ᠂ ᠵᠢᠩ ᠯᠠᠩ ᠳᠤᠲᠠᠭᠳᠠᠵᠤ ᠪᠠᠶᠢᠬᠤ ᠦᠵᠡᠭᠳᠡᠯ ᠣᠷᠣᠰᠢᠬᠤ ᠥᠬᠡᠶ᠃ 3 ᠤᠳᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ 1500 ᠲᠥᠭᠦᠷᠢᠭ ᠤᠨ ᠵᠣᠭᠤᠰ ᠢᠶᠠᠷ ᠲᠣᠷᠭᠠᠵᠤ᠂ ᠬᠠᠷᠢᠶ᠎ᠠ ᠭᠠᠵᠠᠷ ᠤᠨ ᠲᠣᠪᠴᠢᠶ᠎ᠠ ᠬᠤᠳᠠᠯᠳᠤᠭᠠᠴᠢᠳ ᠢ ᠰᠢᠮᠳᠠᠭᠤᠯᠵᠤ ᠪᠠᠶᠢᠭᠠᠳ ᠡᠯᠧᠺᠲᠷᠣᠨ ᠦᠨ᠎ᠡ ᠶᠢᠨ ᠵᠢᠩᠯᠡᠭᠦᠷ ᠢ ᠴᠠᠭ ᠲᠤᠬᠠᠶ ᠳᠤᠨᠢ ᠬᠦᠷᠭᠡᠵᠦ ᠪᠠᠶᠢᠴᠠᠭᠠᠯᠭᠠᠪᠠ᠃

    ᠲᠣᠰᠣ ᠨᠡᠮᠡᠬᠦ ᠥᠷᠲᠡᠭᠡ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ

4 ᠳ᠋ᠦ᠋ᠭᠡᠷ ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠳᠣᠲᠣᠷᠠᠬᠢ ᠲᠣᠰᠣ ᠨᠡᠮᠡᠬᠦ ᠥᠷᠲᠡᠭᠡ ᠳᠤ ᠲᠤᠰᠬᠠᠶ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠳᠤ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ ᠮᠡᠷᠭᠡᠵᠢᠯ ᠪᠠ ᠲᠥᠬᠦᠭᠡᠷᠦᠮᠵᠢ ᠶᠢ ᠬᠡᠷᠡᠭᠯᠡᠵᠦ᠂ ᠲᠣᠰ ᠲᠣᠰ 5 ᠲᠣᠰᠣ ᠨᠡᠮᠡᠬᠦ ᠥᠷᠲᠡᠭᠡ ᠶᠢᠨ 24 ᠲᠣᠰᠣ ᠨᠡᠮᠡᠬᠦ ᠮᠠᠰᠢᠨ ᠤ 46 ᠲᠣᠰᠣ ᠨᠡᠮᠡᠬᠦ ᠫᠤᠤ ᠶᠢ ᠭᠡᠨᠡᠳᠡᠭᠦᠯᠦᠨ ᠪᠠᠶᠢᠴᠠᠭᠠᠵᠤ ᠂ ᠬᠠᠤᠯᠢ ᠬᠡᠷᠡᠭᠵᠢᠭᠦᠯᠬᠦ ᠠᠵᠢᠯᠲᠠᠨ ᠲᠣᠰᠣ ᠨᠡᠮᠡᠬᠦ ᠮᠠᠰᠢᠨ  ᠨᠢ ᠬᠡᠮᠵᠢᠯᠲᠡ ᠶᠢᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠡᠰᠡᠬᠦ᠂ ᠪᠠᠶᠢᠴᠠᠭᠠᠨ ᠲᠣᠭᠲᠠᠭᠠᠭᠰᠠᠨ ᠦᠨᠡᠮᠯᠡᠯ ᠲᠠᠢ ᠪᠠᠶᠢᠬᠤ ᠡᠰᠡᠬᠦ ︔ ᠲᠣᠰᠣ ᠨᠡᠮᠡᠬᠦ ᠮᠠᠰᠢᠨ ᠤ ᠤᠷᠤᠰᠬᠠᠯ ᠤᠨ ᠬᠡᠮᠵᠢᠭᠦᠷ᠂ ᠳ᠋ᠤᠭᠠᠷᠯᠠᠭᠤᠷ ᠤᠨ ᠯᠤᠮᠪᠤ ᠨᠢ ᠪᠦᠷᠢᠨ ᠪᠦᠲᠦᠨ ᠪᠠᠶᠢᠬᠤ ᠡᠰᠡᠬᠦ ︔ ᠲᠣᠰᠣ ᠨᠡᠮᠡᠬᠦ ᠮᠠᠰᠢᠨ ᠤ ᠠᠦ᠋ᠲ᠋ᠣ᠋ ᠣᠨᠣᠰᠢᠯᠠᠬᠤ ᠰᠢᠰᠲ᠋ᠧᠮ ᠨᠢ ᠨᠡᠭᠡᠭᠡᠭᠰᠡᠨ ᠡᠰᠡᠬᠦ︔ ᠲᠣᠰᠣ ᠨᠡᠮᠡᠬᠦ ᠮᠠᠰᠢᠨ ᠤ ᠳ᠋ᠤᠭᠠᠷᠯᠠᠭᠤᠷ ᠪᠠ ᠬᠡᠮᠵᠢᠵᠦ ᠡᠵᠡᠮᠳᠡᠬᠦ ᠭᠤᠣᠯ ᠰᠠᠮᠪᠠᠷ᠎ᠠ ᠶᠢᠨ ᠳ᠋ᠤᠭᠠᠷᠯᠠᠯ ᠨᠢ ᠦᠢᠯᠡᠳᠪᠦᠷᠢ ᠠᠴᠠ ᠭᠠᠷᠤᠭᠰᠠᠨ ᠲᠠᠢ ᠪᠠᠨ ᠨᠢᠭᠡᠳᠦᠯᠲᠡᠢ ᠪᠠᠶᠢᠬᠤ ᠡᠰᠡᠬᠦ ᠵᠡᠷᠭᠡ ᠶᠢ ᠪᠠᠶᠢᠴᠠᠭᠠᠪᠠ ︔ ᠲᠤᠬᠠᠶ ᠶᠢᠨ ᠲᠠᠯᠠᠪᠤᠷ ᠲᠤ ᠲᠣᠰᠣ ᠨᠡᠮᠡᠬᠦ ᠮᠠᠰᠢᠨ ᠤ ᠤᠷᠤᠰᠬᠠᠯ ᠤᠨ ᠵᠥᠷᠢᠶ᠎ᠡ ᠶᠢᠨ ᠬᠡᠪᠴᠢᠶ᠎ᠡ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ︔ ᠬᠡᠮᠵᠢᠯᠲᠡ ᠶᠢᠨ ᠪᠠᠶᠢᠴᠠᠭᠠᠯᠲᠠ ᠬᠢᠬᠦ ᠶᠢᠨ ᠳᠠᠭᠠᠤ ᠪᠠᠰᠠ ᠲᠣᠰᠣ ᠨᠡᠮᠡᠬᠦ ᠥᠷᠲᠡᠭᠡ ᠶᠢᠨ ᠬᠡᠮᠵᠢᠯᠲᠡ ᠶᠢᠨ ᠬᠠᠮᠢᠶᠠᠷᠤᠯᠲᠠ ᠶᠢᠨ ᠳᠦᠷᠢᠮ ᠪᠠ ᠡᠳᠦᠷ ᠲᠤᠲᠤᠮ ᠤᠨ ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠴᠥᠮ ᠭᠡᠮ ᠬᠢᠭᠰᠡᠨ ᠦᠢᠯᠡ ᠠᠵᠢᠯᠯᠠᠭ᠎ᠠ ᠢᠯᠡᠷᠡᠭᠰᠡᠨ ᠦᠭᠡᠢ᠃ ᠪᠠᠶᠢᠴᠠᠭᠠᠬᠤ ᠶᠢᠨ ᠬᠠᠮᠲᠤ ᠡᠯ᠎ᠡ ᠲᠣᠰᠣ ᠨᠡᠮᠡᠬᠦ ᠥᠷᠲᠡᠭᠡ ᠳᠤ ︽ᠬᠤᠳᠠᠯᠳᠤᠭ᠎ᠠ᠂ ᠦᠢᠯᠡᠴᠢᠯᠡᠭᠡᠨ ᠤ ᠦᠢᠯᠡᠰ ᠤᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠠᠵᠢᠯᠯᠠᠭ᠎ᠠ ᠶᠢᠨ ᠵᠢᠷᠤᠮᠵᠢᠯ︾ ︽ ᠬᠡᠮᠵᠢᠯᠲᠡ ᠶᠢᠨ ᠬᠠᠤᠯᠢ︾ ︽ᠲᠣᠰᠣ ᠨᠡᠮᠡᠬᠦ ᠥᠷᠲᠡᠭᠡ ᠶᠢᠨ ᠬᠡᠮᠵᠢᠯᠲᠡ ᠶᠢ ᠬᠢᠨᠠᠨ ᠬᠠᠮᠢᠶᠠᠷᠬᠤ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠬᠤᠶᠠᠳᠤᠭᠠᠷ ᠤᠯᠠᠷᠢᠯ ᠳᠤ ᠪᠥᠬᠦ ᠠᠶᠢᠮᠠᠭ ᠲᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 70 ᠬᠥᠮᠦᠨ ᠤᠳᠠᠭ᠎ᠠ ᠬᠥᠳᠡᠯᠭᠡᠵᠦ᠂ ᠲᠣᠰᠣ ᠨᠡᠮᠡᠬᠦ ᠥᠷᠲᠡᠭᠡ ᠶᠢ 49 ᠶᠢ ᠪᠠᠶᠢᠴᠠᠭᠠᠨ᠂ ᠲᠣᠰᠣ ᠨᠡᠮᠡᠬᠦ ᠮᠠᠰᠢᠨ ᠢ 220 ᠰᠠᠤᠷᠢ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠢᠯᠡᠷᠡᠭᠰᠡᠨ ᠦᠭᠡᠢ᠂ ᠲᠣᠰᠣ ᠨᠡᠮᠡᠬᠦ ᠮᠠᠰᠢᠨ ᠤ ᠵᠠᠭᠠᠯᠳᠤᠯᠭ᠎ᠠ ᠶᠢ 6 ᠤᠳᠠᠭ᠎ᠠ ᠬᠦᠯᠢᠶᠡᠨ ᠠᠪᠴᠤ ᠰᠢᠢᠳᠪᠦᠷᠢᠯᠡᠵᠦ ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠵᠦ ᠂ ᠬᠡᠮᠵᠢᠯᠲᠡ ᠶᠢᠨ ᠬᠡᠮ ᠬᠢᠭᠰᠡᠨ ᠠᠰᠠᠭᠤᠳᠠᠯ ᠢᠯᠡᠷᠡᠭᠰᠡᠨ ᠦᠭᠡᠢ᠃

    ᠵᠠᠮ ᠬᠠᠷᠢᠯᠴᠠᠭᠠᠨ ᠤ ᠬᠠᠮᠢᠶ᠎ᠠ ᠪᠦᠬᠦᠢ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ

ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠠᠵᠤ ᠠᠬᠤᠶᠢᠯᠠᠯ ᠢ ᠵᠢᠯᠣᠭᠤᠳᠤᠨ ecqs ᠰᠢᠰᠲ᠋ᠧᠮ ᠳᠤ ᠳᠠᠩᠰᠠᠯᠠᠭᠤᠯᠵᠤ᠂ ᠡᠯᠧᠺᠲᠷᠣᠨ ᠮᠠᠰᠢᠨ ᠲᠡᠷᠭᠡᠨ ᠤ ᠵᠢᠩᠯᠡᠭᠦᠷ ᠤᠨ ᠣᠨ ᠤ ᠪᠠᠶᠢᠴᠠᠭᠠᠨ ᠲᠣᠭᠲᠠᠭᠠᠬᠤ ᠠᠵᠢᠯ ᠢ ᠥᠷᠨᠢᠭᠦᠯᠪᠡ᠃ ᠯᠤᠸᠠᠨ ᠵᠢᠩ ᠲᠠᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠮᠰᠢᠭᠰᠡᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠤᠷᠳᠤᠴᠠ ᠶᠢ ᠬᠡᠮᠵᠢᠬᠦ ᠳᠤᠷᠠᠨᠳᠠᠭᠤᠷ ᠂ ᠰᠦᠢᠳᠬᠡᠯ ᠬᠤᠷᠢᠶᠠᠬᠤ ᠥᠷᠲᠡᠭᠡ ᠶᠢᠨ ᠬᠥᠳᠡᠯᠦᠩᠭᠦᠶ ᠮᠠᠰᠢᠨ ᠲᠡᠷᠭᠡᠨ ᠤ ᠪᠦᠷᠢᠳᠬᠡᠯ ᠤᠨ ᠡᠬᠡ ᠲᠠᠩᠰᠠ ᠶᠢ ᠦᠨᠳᠦᠰᠦᠯᠡᠨ᠂ ᠲᠥᠬᠦᠭᠡᠷᠦᠮᠵᠢ ᠶᠢᠨ ᠬᠤᠭᠤᠴᠠᠭ᠎ᠠ ᠨᠢ ᠲᠤᠯᠤᠭᠰᠠᠨ ᠪᠤᠶᠤ ᠬᠤᠭᠤᠴᠠᠭ᠎ᠠ ᠠᠴᠠ ᠬᠡᠲᠦᠷᠡᠭᠡᠳ ᠪᠠᠶᠢᠴᠠᠭᠠᠭᠰᠠᠨ ᠦᠭᠡᠢ ᠡᠰᠡᠬᠦ ᠶᠢ ᠪᠠᠶᠢᠴᠠᠭᠠᠨ ᠦᠵᠡᠵᠦ᠂ ᠪᠠᠶᠢᠴᠠᠭᠠᠨ ᠲᠣᠭᠲᠠᠭᠠᠬᠤ ᠬᠦᠴᠦᠨ ᠪᠥᠬᠦᠶ ᠡᠳᠦᠷ ᠬᠤᠭᠤᠴᠠᠭᠠᠨ ᠳᠤ ᠬᠦᠷᠬᠦ ᠭᠡᠵᠦ ᠪᠠᠶᠢᠭ᠎ᠠ ᠲᠥᠬᠦᠭᠡᠷᠦᠮᠵᠢ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠴᠠᠭ ᠲᠤᠬᠠᠶ ᠳᠤᠨᠢ ᠰᠢᠮᠳᠠᠭᠤᠯᠵᠤ ᠪᠠᠶᠢᠭᠠᠳ ᠪᠠᠶᠢᠴᠠᠭᠠᠨ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠮᠡᠷᠭᠡᠵᠢᠯ ᠤᠨ ᠪᠠᠶᠢᠭᠤᠯᠤᠮᠵᠢ ᠲᠠᠢ ᠬᠠᠷᠢᠯᠴᠠᠵᠤ ᠰᠢᠯᠭᠠᠨ ᠲᠣᠭᠲᠠᠭᠠᠪᠠ ᠃ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 4 ᠬᠥᠮᠦᠨ ᠤᠳᠠᠭ᠎ᠠ ᠬᠥᠳᠡᠯᠭᠡᠵᠦ᠂ 8 ᠠᠵᠤ ᠠᠬᠤᠶᠢᠯᠠᠯ ᠢ ᠪᠠᠶᠢᠴᠠᠭᠠᠵᠤ᠂ ᠬᠤᠭᠤᠷᠣᠨᠳᠤᠬᠢ ᠪᠠ ᠲᠣᠭᠲᠠᠮᠠᠯ ᠬᠤᠷᠳᠤᠴᠠ ᠶᠢ ᠬᠡᠮᠵᠢᠬᠦ ᠳᠤᠷᠠᠨᠳᠠᠭᠤᠷ 16 ᠶᠢ ᠪᠠᠶᠢᠴᠠᠭᠠᠵᠤ ᠂ ᠬᠥᠳᠡᠯᠦᠩᠭᠦᠶ ᠮᠠᠰᠢᠨ ᠲᠡᠷᠭᠡᠨ ᠤ ᠵᠢᠩᠯᠡᠭᠦᠷ ᠢ 16 ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠢᠯᠡᠷᠡᠭᠰᠡᠨ ᠦᠭᠡᠢ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ