ᠮᠠᠨ ᠤ ᠣᠷᠣᠨ ᠤ ᠠᠩᠬᠠᠳᠠᠭᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/7/22

    7 ᠳ᠋ᠤᠭᠠᠷ ᠰᠠᠷ᠎ᠠ ᠶᠢᠨ 15 ᠤ ᠡᠳᠦᠷ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠯ︾ ︵DB15/T 3565 - 2024︶ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠥᠪᠰᠢᠶᠡᠷᠡᠨ ᠨᠡᠶᠢᠲᠡᠯᠡᠵᠦ᠂ 8 ᠳ᠋ᠤᠭᠠᠷ ᠰᠠᠷ᠎ᠠ ᠶᠢᠨ 15 ᠤ ᠡᠳᠦᠷ ᠵᠢᠩᠬᠢᠨᠢ ᠪᠠᠷ ᠬᠡᠷᠡᠭᠵᠢᠭᠦᠯᠦᠨ᠎ᠡ᠃

    ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠠᠭ ᠦᠷᠭᠦᠯᠵᠢᠯᠡᠨ ᠭᠦᠨᠵᠡᠭᠡᠶᠢᠷᠡᠨ ᠪᠣᠲᠠᠲᠠᠶᠢᠵᠢᠭᠤᠯᠤᠭᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠲᠥᠰᠦᠯ︾ ᠳᠤ ︽ᠪᠠᠷᠢᠮᠵᠢᠶ᠎ᠠ ᠶᠢᠨ ᠬᠡᠷᠡᠭᠯᠡᠯᠲᠡ ᠶᠢ ᠴᠢᠩᠭᠠᠳᠬᠠᠬᠤ︾ ᠶᠢ ᠲᠣᠳᠣᠷᠬᠠᠶ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠪᠠᠨ ᠳᠡᠭᠡᠭᠰᠢᠯᠡᠭᠦᠯᠬᠦ ᠪᠠᠷ ᠬᠥᠲᠥᠯᠦᠮᠵᠢ ᠪᠣᠯᠭᠠᠨ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠯ︾ ᠢ 2024 - 2025 ᠣᠨ ᠤ ᠲᠣᠭᠲᠠᠭᠠᠵᠤ ᠵᠠᠰᠠᠭᠰᠠᠨ ᠭᠤᠤᠯᠳᠠᠯᠭ᠎ᠠ ᠲᠠᠢ ᠣᠷᠣᠨ ᠨᠤᠲᠤᠭ ᠤᠨ ᠪᠠᠷᠢᠮᠵᠢᠶ᠎ᠠ ᠶᠢᠨ ᠲᠦᠰᠦᠯ ᠤᠨ ᠨᠠᠷᠢᠨ ᠬᠠᠭᠤᠳᠠᠰᠤᠨ ᠳᠤ ᠣᠷᠣᠭᠤᠯᠪᠠ ᠃

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠶᠡᠷᠦᠩᠬᠡᠶ ᠠᠩᠭᠢ ᠬᠥᠬᠡᠬᠤᠲᠠ ᠶᠢᠨ ᠭᠠᠯ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠠᠯᠪᠤᠷᠢ ᠠᠩᠭᠢ᠂ ᠪᠤᠭᠤᠲᠤ ᠬᠤᠲᠠ ᠶᠢᠨ ᠭᠠᠯ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠠᠯᠪᠤᠷᠢ ᠠᠩᠭᠢ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠭᠠᠯ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠠᠯᠪᠤᠷᠢ ᠠᠩᠭᠢ᠂ ᠲᠢᠶᠠᠨᠵᠢᠨ ᠬᠤᠲᠠ ᠶᠢᠨ ᠪᠢᠨ ᠬᠠᠶ ᠰᠢᠨ᠎ᠡ ᠲᠣᠭᠤᠷᠢᠭ ᠤᠨ ᠭᠠᠯ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠠᠯᠪᠤᠷᠢ ᠠᠩᠭᠢ᠂ ᠦᠪᠦᠷ ᠮᠣᠩᠭᠤᠯ ᠤᠨ ᠪᠥᠸᠧ ᠷᠤ᠋ ᠪᠡᠯᠡ ᠣᠷᠤᠭᠤᠯᠤᠯᠲᠠ ᠶᠢᠨ ᠯᠠᠪᠯᠠᠯᠲᠠ ᠶᠢᠨ ᠬᠢᠵᠠᠭᠠᠷᠲᠤ ᠺᠣᠮᠫᠠᠨᠢ᠂ ᠲᠢᠶᠠᠨᠵᠢᠨ ᠬᠤᠲᠠ ᠶᠢᠨ ᠽᠢ ᠮᠦ ᠶᠤᠸᠠᠨ ᠱᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠂ ᠬᠠᠨ ᠬᠠᠶ ᠮᠡᠳᠡᠭᠡ ᠵᠠᠩᠭᠢ ᠶᠢᠨ ᠮᠡᠷᠭᠡᠵᠢᠯ ︵ᠱᠠᠩᠬᠠᠶ︶ ᠤᠨ ᠬᠢᠵᠠᠭᠠᠷᠲᠤ ᠺᠣᠮᠫᠠᠨᠢ᠂ ᠪᠡᠭᠡᠵᠢᠩ ‍ᠤᠨ‌‍ᠸᠠ ᠾᠥᠸᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠬᠠᠮᠲᠤᠷᠠᠨ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮᠵᠢᠯ︾ ᠢ ᠲᠤᠭᠤᠷᠪᠢᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠤᠭᠠᠬᠤ ᠴᠡᠨᠡᠭᠯᠡᠬᠦ ᠲᠠᠯᠠᠪᠤᠷ ᠤᠨ ᠪᠥᠲᠥᠭᠡᠨ ᠪᠠᠶᠢᠭᠤᠯᠤᠯᠲᠠ ᠪᠠ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠠᠵᠢᠯ ᠢ ᠳᠦᠷᠢᠮᠵᠢᠭᠦᠯᠵᠦ᠂ ᠬᠠᠮᠢᠶ᠎ᠠ ᠪᠦᠬᠦᠢ ᠨᠢᠭᠡᠴᠢ ᠪᠠ ᠠᠵᠢᠯᠲᠠᠨ ᠢ ᠰᠢᠮᠳᠠᠭᠤᠯᠵᠤ ᠪᠠᠶᠢᠭᠠᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠵᠣᠭᠰᠤᠭᠠᠬᠤ ᠴᠡᠨᠡᠭᠯᠡᠬᠦ ᠲᠠᠯᠠᠪᠤᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠭᠦᠨ ᠤ ᠤᠯᠠᠮ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠤᠭᠠᠬᠤ ᠴᠡᠨᠡᠭᠯᠡᠬᠦ ᠲᠠᠯᠠᠪᠤᠷ ᠤᠨ ᠵᠣᠬᠢᠰ ᠥᠬᠡᠶ ᠠᠴᠠ ᠪᠣᠯᠵᠣ ᠭᠠᠯ ᠤᠨ ᠠᠳᠡᠯ ᠡᠭᠦᠰᠬᠦ ᠪᠣᠯᠣᠯᠴᠠᠭ᠎ᠠ ᠶᠢ ᠪᠦᠲᠦᠮᠵᠢᠲᠡᠶ ᠪᠠᠭᠠᠰᠬᠠᠪᠠ᠃

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠬᠦ ᠪᠠᠷᠢᠮᠵᠢᠶᠠᠵᠢᠭᠤᠯᠬᠤ ᠮᠡᠷᠭᠡᠵᠢᠯ ᠤᠨ ᠵᠦᠪᠯᠡᠯ ᠢ ᠢᠳᠡᠪᠬᠢᠲᠡᠶ ᠠᠬᠢᠭᠤᠯᠵᠤ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠯ︾ ᠢ ᠤᠬᠠᠭᠤᠯᠤᠨ ᠲᠤᠭᠤᠰᠢᠯᠠᠭᠤᠯᠬᠤ᠂ ᠲᠠᠶᠢᠯᠤᠮᠵᠢ ᠬᠢᠬᠦ᠂ ᠪᠣᠯᠪᠠᠰᠤᠷᠠᠯ ᠵᠡᠷᠭᠡ ᠶᠢ ᠥᠷᠨᠢᠭᠦᠯᠵᠦ᠂ ᠪᠠᠷᠢᠮᠵᠢᠶ᠎ᠠ ᠶᠢ ᠬᠡᠷᠡᠭᠵᠢᠭᠦᠯᠵᠦ ᠬᠡᠷᠡᠭᠯᠡᠬᠦ ᠶᠢ ᠴᠢᠩᠭᠠᠳᠬᠠᠨ᠎ᠠ᠃

 

ᠢᠷᠡᠯᠲᠡ᠄ ᠪᠠᠷᠢᠮᠵᠢᠶᠠᠵᠢᠭᠤᠯᠬᠤ ᠭᠠᠵᠠᠷ