ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠦᠢᠯᠡᠳᠪᠦᠷᠢᠯᠡᠬᠦ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ︾ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠶᠡᠭᠡ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/7/23

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠳᠤ ᠢᠳᠡᠭᠡᠨ ᠤ ᠵᠦᠢᠯ ᠤᠨ ᠦᠢᠯᠡᠳᠪᠦᠷᠢᠯᠡᠯ ᠤᠨ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠭᠡᠯ︾ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠪᠬᠢᠲᠡᠶ ᠬᠥᠳᠡᠯᠦᠯᠴᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠢ ᠲᠦᠢᠯ ᠤᠨ ᠣᠨᠣᠪᠴᠢᠲᠠᠶ ᠪᠠᠷ ᠳᠡᠮᠵᠢᠪᠡ᠃


W020240723556957588060.png


    ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

    ᠦᠢᠯᠡᠴᠢᠯᠡᠭᠡ ᠶᠢ ᠬᠢᠨᠠᠨ ᠬᠠᠮᠢᠶᠠᠷᠤᠯᠲᠠ  ᠠᠴᠠ ᠡᠮᠦᠨ᠎ᠡ ᠳᠤ ᠶᠠᠪᠤᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠪᠥᠬᠦ ᠬᠤᠲᠠ ᠶᠢᠨ ᠰᠠᠭᠤᠷᠢ ᠨᠥᠬᠦᠴᠡᠯ ᠰᠠᠶᠢᠨ᠂ ᠦᠢᠯᠡᠳᠬᠦᠨ ᠤ ᠶᠠᠰᠤ ᠴᠢᠨᠠᠷ ᠥᠨᠳᠥᠷ᠂ ᠬᠥᠭᠵᠢᠯᠲᠡ ᠶᠢᠨ ᠬᠦᠰᠡᠯ ᠬᠥᠭᠡᠭᠡᠴᠡᠯᠳᠦᠯ ᠴᠢᠩᠭ᠎ᠠ ᠵᠢᠵᠢᠭ ᠦᠢᠯᠡᠳᠬᠡᠯ ᠤᠨ ᠭᠠᠵᠠᠷ ᠢ ᠲᠠᠰ ᠳᠡᠪᠰᠢᠭᠦᠯᠬᠦ ᠶᠢ ᠬᠥᠲᠥᠯᠦᠨ ᠵᠢᠯᠤᠭᠤᠳᠪᠠ᠃ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠶᠢᠨ ᠬᠠᠮᠵᠢᠯᠴᠠᠨ ᠦᠢᠯᠡᠴᠢᠯᠡᠬᠦ ᠵᠠᠭᠪᠤᠷ ᠢ ᠪᠠᠶᠢᠭᠤᠯᠵᠤ᠂ ᠰᠦᠯᠵᠢᠶᠡᠨ ᠳᠡᠭᠡᠷ᠎ᠡ ᠢᠳᠡᠭᠡᠨ ᠦᠢᠯᠡᠳᠪᠦᠷᠢᠯᠡᠬᠦ ᠶᠢ ᠵᠥᠪᠰᠢᠶᠡᠷᠡᠬᠦ ᠵᠡᠷᠭᠡ ᠲᠤᠬᠠᠶᠢᠯᠠᠭᠰᠠᠨ ᠠᠵᠢᠯ ᠤᠨ ᠭᠤᠶᠤᠴᠢᠯᠠᠯ ᠵᠢᠴᠢ ᠠᠰᠠᠭᠤᠨ ᠯᠠᠪᠯᠠᠬᠤ ᠶᠢ ᠲᠤᠰᠢᠶᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ︔ ᠰᠦᠯᠵᠢᠶᠡᠨ ᠭᠠᠳᠠᠨ᠎ᠠ ᠭᠠᠷ ᠤᠷᠠᠯᠠᠯ ᠤᠨ ᠶᠠᠪᠤᠴᠠ᠂ ᠦᠢᠯᠡᠳᠪᠦᠷᠢ ᠶᠢᠨ ᠬᠡᠷ ᠪᠠᠶᠢᠰᠢᠩ ᠤᠨ ᠪᠠᠶᠢᠷᠢᠰᠢᠭᠤᠯᠤᠯᠲᠠ᠂ ᠲᠦᠷᠢᠮ ᠤᠨ ᠪᠠᠶᠢᠭᠤᠯᠤᠯ᠂ ᠬᠠᠲᠠᠭᠤ ᠲᠣᠨᠤᠭ ᠤᠨ ᠥᠭᠡᠷᠡᠴᠢᠯᠡᠯᠲᠡ ᠂ ᠵᠥᠭᠡᠯᠡᠨ ᠲᠣᠨᠤᠭ ᠤᠨ ᠲᠡᠭᠦᠯᠳᠡᠷᠵᠢᠭᠦᠯᠦᠯᠲᠡ ᠵᠡᠷᠭᠡ ᠲᠠᠯ᠎ᠠ ᠪᠠᠷ ᠲᠤᠬᠠᠶ ᠶᠢᠨ ᠭᠠᠵᠠᠷ ᠲᠤ ᠨᠢ ᠬᠠᠪᠰᠤᠷᠤᠨ ᠲᠡᠳᠬᠦᠬᠦ ᠪᠠ ᠵᠢᠯᠣᠭᠤᠳᠬᠤ ᠶᠢ ᠥᠷᠨᠢᠭᠦᠯᠵᠦ᠂ ︽ᠨᠢᠭᠡ ᠳᠤ ᠨᠢᠭᠡ︾ ᠶᠢᠨ ᠬᠡᠷ ᠲᠤ ᠨᠢ ᠬᠦᠷᠴᠦ ᠦᠢᠯᠡᠴᠢᠯᠡᠬᠦ ᠶᠢ ᠥᠷᠨᠢᠭᠦᠯᠵᠦ᠂ ᠵᠢᠵᠢᠭ ᠦᠢᠯᠡᠳᠬᠡᠯ ᠤᠨ ᠭᠠᠵᠠᠷ ᠢ ᠬᠠᠪᠰᠤᠷᠤᠨ ᠬᠡᠪᠴᠢᠶᠡᠵᠢᠭᠦᠯᠵᠦ᠂ ᠨᠠᠷᠢᠯᠢᠬᠵᠢᠭᠤᠯᠵᠤ᠂ ᠢᠳᠡᠭᠡᠨ ᠤ ᠠᠵᠤ ᠦᠢᠯᠡᠰ ᠤᠨ ︽ᠵᠢᠩᠬᠢᠨᠢ ᠴᠡᠷᠢᠭ︾ ᠪᠣᠯᠭᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠨᠢᠭᠡᠨᠲᠡ 16 ᠵᠢᠵᠢᠭ ᠦᠢᠯᠡᠳᠬᠡᠯ ᠢ ᠬᠠᠪᠰᠤᠷᠤᠨ ᠲᠡᠳᠬᠦᠵᠦ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠣᠯᠭᠠᠨ ᠲᠠᠰ ᠳᠡᠪᠰᠢᠭᠦᠯᠪᠡ᠃

    ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

    ᠠᠵᠤ ᠠᠬᠤᠶᠢᠯᠠᠯ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠬᠤ ᠵᠡᠷᠭᠡ ᠬᠡᠷᠡᠭᠴᠡᠭᠡ ᠳᠤ ᠴᠢᠭᠯᠡᠭᠦᠯᠦᠨ᠂ ᠪᠤᠭᠤᠲᠤ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠤᠨ 2 ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠪᠤᠭᠤᠲᠤ ᠬᠤᠲᠠ ᠶᠢᠨ ᠳ᠋ᠢᠩ ᠶᠢᠨ ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ︽ᠲᠤᠰᠬᠠᠶ ᠮᠡᠷᠭᠡᠵᠢᠯᠲᠡᠨ ᠠᠵᠤ ᠠᠬᠤᠶᠢᠯᠠᠯ ᠳᠤ ᠣᠷᠣᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠰᠢᠯᠭᠠᠨ ᠪᠠᠶᠢᠴᠠᠭᠠᠬᠤ ᠲᠠᠰᠤᠭ ᠤᠨ ᠪᠠᠭᠠᠵᠢ ᠬᠡᠷᠡᠭᠰᠡᠯ ᠢ ᠳᠡᠯᠭᠡᠨ ᠦᠵᠡᠭᠦᠯᠬᠦ᠂ ᠬᠡᠮᠵᠢᠯᠲᠡ ᠶᠢ ᠬᠠᠷᠭᠤᠭᠤᠯᠬᠤ᠂ ᠵᠥᠷᠢᠶ᠎ᠡ ᠶᠢ ᠡᠵᠡᠮᠳᠡᠬᠦ ᠵᠡᠷᠭᠡ ᠲᠠᠯ᠎ᠠ ᠪᠠᠷ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠥᠷᠨᠢᠭᠦᠯᠵᠦ᠂ ᠠᠵᠤ ᠠᠬᠤᠶᠢᠯᠠᠯ ᠤᠨ ᠭᠤᠤᠯ ᠪᠣᠯᠬᠤ ᠰᠢᠯᠭᠠᠨ ᠪᠠᠶᠢᠴᠠᠭᠠᠬᠤ ᠭᠦᠢᠴᠡᠳᠬᠡᠯ ᠲᠤᠭ᠎ᠠ ᠶᠢᠨ ᠲᠤᠬᠠᠶ ᠰᠠᠨᠠᠯ ᠢᠶᠠᠨ ᠰᠣᠯᠢᠯᠴᠠᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠠᠵᠤ ᠠᠬᠤᠶᠢᠯᠠᠯ ᠳᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠪᠠ ᠪᠡᠶ᠎ᠡ ᠪᠠᠷ ᠢᠶᠠᠨ ᠪᠣᠳᠠᠲᠠᠶ ᠠᠵᠢᠯᠯᠠᠭᠠᠨ ᠤ ᠪᠣᠯᠪᠠᠰᠤᠷᠠᠯ ᠬᠠᠩᠭᠠᠪᠠ᠃

 

ᠢᠷᠡᠯᠲᠡ᠄ ᠢᠳᠡᠭᠡᠨ ᠦᠢᠯᠡᠳᠪᠦᠷᠢᠯᠡᠬᠦ ᠭᠠᠵᠠᠷ