ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/23

    7 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠳᠤᠷᠢᠳᠬᠤ ᠪᠠᠭ ᠤᠨ ᠭᠡᠰᠢᠭᠦᠨ᠂ ᠪᠠᠶᠢᠭᠤᠯᠭ᠎ᠠ ᠶᠢᠨ ᠭᠠᠵᠠᠷ ᠲᠠᠰᠤᠭ ᠲᠣᠪᠴᠢᠶ᠎ᠠ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠤᠯᠴᠠᠪᠠ ᠃


W020240723557894719794.jpg


    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠬᠢᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠶᠤᠮ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠢᠷᠡᠭᠡᠳᠦᠶ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠪᠠᠶᠢᠷᠢᠯᠠᠭᠤᠯᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠬᠠᠭᠤᠳᠠᠰᠤ ᠪᠣᠯᠬᠤ ᠪᠠᠷ ᠪᠠᠷᠠᠬᠤ ᠥᠬᠡᠶ᠂ ᠪᠠᠰᠠ ᠴᠤ ᠰᠢᠨ᠎ᠡ ᠠᠶᠠᠨ ᠵᠠᠮ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠣᠯᠵᠣ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠥᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ ᠡᠷᠡᠰ ᠵᠣᠷᠢᠭ ᠪᠠ ᠴᠢᠩᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠪᠡ᠃ ᠲᠣᠪᠴᠢᠶ᠎ᠠ ᠶᠢᠨ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠦᠬᠦᠨ ᠢ ᠬᠠᠮᠤᠷᠤᠨ ᠶᠠᠪᠤᠭᠳᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃

    ᠬᠤᠷᠠᠯ ᠠᠴᠠ᠂ ᠲᠤᠪᠴᠢᠶ᠎ᠠ ᠶᠢᠨ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠡᠭᠦᠷᠭᠡᠯᠡᠯ ᠢ ᠴᠢᠩᠭᠠᠷᠠᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠰᠠᠭᠤᠷᠢᠯᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠥᠭᠡᠷᠡᠴᠢᠯᠡᠯᠲᠡ ᠶᠢᠨ ᠰᠡᠳᠭᠢᠮᠵᠢ ᠠᠷᠭ᠎ᠠ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠶᠢᠨ ᠲᠣᠭᠤᠷᠢᠨ ᠳᠤ᠂ ᠨᠢᠭᠡᠳᠦᠯᠲᠡᠢ ᠲᠤᠮᠤ ᠵᠠᠬ᠎ᠠ ᠳᠡᠯᠭᠡᠭᠦᠷ ᠲᠤ ᠦᠢᠯᠡᠴᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠳᠦᠷᠢᠮ ᠢ ᠨᠠᠶᠢᠳᠠᠪᠤᠷᠢᠵᠢᠭᠤᠯᠬᠤ᠂ ᠡᠷᠬᠡ ᠲᠡᠭᠰᠢ ᠪᠠᠷ ᠥᠷᠢᠰᠦᠯᠳᠦᠬᠦ ᠦᠨᠳᠦᠰᠦᠨ ᠪᠠᠶᠢᠷᠢ ᠰᠠᠭᠤᠷᠢ ᠶᠢ ᠴᠢᠩᠭᠠᠳᠬᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠴᠢᠯᠦᠭᠡᠲᠡᠢ ᠲᠠᠯᠪᠢᠬᠤ︾ ᠮᠥᠷᠲᠡᠭᠡᠨ ︽ᠬᠠᠮᠢᠶᠠᠷᠴᠤ ᠳᠡᠶᠢᠯᠬᠦ︾ ᠶᠢ ᠪᠡᠶᠡᠯᠡᠭᠦᠯᠵᠦ᠂ ᠨᠡᠩ ᠡᠷᠬᠡ ᠲᠡᠭᠰᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ ᠤᠨ ᠰᠠᠭᠠᠳ ᠦᠭᠡᠢ ᠰᠢᠯᠵᠢᠬᠦ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠪᠦᠬᠦ ᠲᠠᠯ᠎ᠠ ᠪᠠᠷ ᠪᠠᠶᠢᠭᠤᠯᠤᠮᠵᠢ ᠵᠣᠬᠢᠴᠠᠮᠵᠢ ᠶᠢᠨ ᠰᠢᠨ᠎ᠡ ᠶᠢ ᠡᠭᠦᠳᠬᠦ ᠶᠢ ᠳᠡᠮᠵᠢᠬᠦ ᠶᠢᠨ ᠲᠣᠭᠤᠷᠢᠨ ᠳᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠲᠥᠪᠯᠡᠷᠡᠯ ᠤᠨ ᠠᠵᠤ ᠦᠢᠯᠡᠰ ᠤᠨ ᠬᠡᠯᠬᠢᠶ᠎ᠡ ᠳᠤ ᠬᠠᠨᠳᠤᠭᠤᠯᠤᠨ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶ᠎ᠠ᠂ ᠬᠡᠮᠵᠢᠯᠲᠡ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠵᠦ ᠵᠥᠪᠰᠢᠶᠡᠷᠡᠬᠦ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠳᠠᠬᠢ ᠰᠠᠭᠤᠷᠢ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠶᠢ ᠪᠦᠬᠦ ᠬᠡᠯᠬᠢᠶ᠎ᠡ ᠪᠠᠷ ᠰᠠᠶᠢᠲᠤᠷ ᠬᠢᠵᠦ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠰᠢᠨ᠎ᠡ ᠶᠢ ᠡᠭᠦᠳᠬᠦ ᠭᠤᠣᠯ ᠴᠣᠭᠴᠠ ᠶᠢ ᠬᠠᠮᠠᠭᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠳᠤ ᠬᠦᠴᠦᠨ ᠨᠡᠮᠡᠷᠢᠯᠡᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠦᠨ᠎ᠡ᠃ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠤᠨ ᠲᠣᠭᠤᠷᠢᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠢᠳᠡᠭᠡᠨ᠂ ᠡᠮ ᠤᠨ ᠵᠦᠢᠯ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠨᠢᠭᠲᠠ ᠰᠦᠯᠵᠢᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠠᠶᠢᠴᠠᠭᠠᠨ ᠰᠢᠯᠭᠠᠬᠤ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠬᠥᠭᠵᠢᠯᠲᠡ ᠶᠢ ᠠᠬᠢᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠢ ᠵᠡᠷᠭᠡ ᠪᠠᠷ ᠴᠢᠬᠤᠯᠠᠴᠢᠯᠠᠨ᠎ᠠ᠃ ᠨᠠᠮ ᠤᠨ ᠤᠳᠤᠷᠢᠳᠤᠯᠭ᠎ᠠ ᠭᠡᠬᠦ ᠡᠨᠡ ᠬᠦ ᠦᠨᠳᠦᠰᠦᠨ ᠪᠠᠲᠤᠯᠠᠭ᠎ᠠ ᠶᠢ ᠪᠠᠲᠤ ᠡᠵᠡᠮᠳᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ᠃ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠰᠤᠷᠲᠠᠯ ᠢᠶᠠᠨ ᠴᠥᠬᠦᠷᠡᠰᠢ ᠦᠭᠡᠢ ᠬᠤᠪᠢᠷᠠᠭᠤᠯᠵᠤ ᠠᠵᠢᠯ ᠲᠥᠷᠥᠯ ᠤᠨ ᠰᠤᠷᠲᠠᠯ ᠢ ᠲᠥᠪ ᠪᠣᠯᠭᠠᠨ ᠰᠢᠨ᠎ᠡ ᠰᠤᠷᠲᠠᠯ ᠢ ᠪᠣᠶ ᠪᠣᠯᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠦ ᠴᠢᠬᠤᠯᠠᠴᠢᠯᠠᠪᠠ᠃

 

ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ