ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24

    7 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠮᠠᠷᠠᠰᠢ ᠨᠡᠭᠡᠭᠡᠯᠲᠡ ᠬᠢᠬᠦ ︿ᠪᠠᠬᠢᠯᠡᠯᠲᠡ﹀ ᠳᠤ ᠰᠠᠭᠤᠷᠢᠯᠠᠨ ᠮᠠᠨ ᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠲᠤᠬᠠᠶ︾ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠬᠤᠷᠢᠶ᠎ᠠ ᠶᠢᠨ ᠭᠡᠰᠢᠭᠦᠨ᠂ ᠠᠵᠤ ᠠᠬᠤᠶ ᠶᠢᠨ ᠵᠥᠪᠯᠡᠯ ᠤᠨ ᠡᠷᠬᠢᠯᠡᠭᠴᠢ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠡᠷᠬᠢᠯᠡᠭᠴᠢ ᠭᠡᠰᠢᠭᠦᠨ᠂ ᠭᠤᠸᠠᠩ ᠹᠠ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠶᠢᠨ ᠡᠵᠡᠩᠨᠡᠨ ᠪᠣᠷᠣᠯᠠᠭᠤᠯᠬᠤ ᠶᠡᠷᠦᠩᠬᠡᠶ ᠬᠢᠨᠠᠭᠴᠢ ᠯᠢ ᠸᠧᠨ ᠫᠢᠩ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠳ᠋ᠦᠩ ᠵᠢᠴᠢ ᠬᠤᠯᠪᠣᠭᠳᠠᠯ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠮᠠᠷᠠᠰᠢ ᠨᠡᠭᠡᠭᠡᠯᠲᠡ ᠬᠢᠬᠦ ︿ᠪᠠᠬᠢᠯᠡᠯᠲᠡ﹀ ᠳᠤ ᠰᠠᠭᠤᠷᠢᠯᠠᠨ ᠮᠠᠨ ᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠲᠤᠬᠠᠶ︾ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠭᠦᠭᠰᠡᠨ ᠪᠠᠶᠢᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠰᠠᠨᠠᠯ ᠤᠨ ᠲᠣᠭᠤᠷᠢᠨ ᠳᠤ ᠰᠠᠨᠠᠯ ᠳᠤᠷᠠᠳᠤᠯᠭ᠎ᠠ ᠶᠢᠨ ᠳᠣᠲᠣᠷᠠᠬᠢ ᠮᠠᠨ ᠤ ᠲᠣᠪᠴᠢᠶ᠎ᠠ ᠳᠤ ᠬᠤᠯᠪᠣᠭᠳᠠᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠴᠢ ᠠᠵᠢᠯ ᠤᠨ ᠰᠡᠳᠬᠢᠮᠵᠢ ᠶᠢ ᠬᠠᠮᠲᠤ ᠪᠠᠷ ᠨᠤᠲᠠᠯᠠᠪᠠ᠃

     ᠠᠯᠪᠠᠨ ᠬᠡᠷ᠂ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ᠂ ᠪᠠᠷᠢᠮᠵᠢᠶᠠᠵᠢᠭᠤᠯᠤᠯᠲᠠ ᠶᠢᠨ ᠭᠠᠵᠠᠷ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠡᠩᠰᠡᠯᠡᠨ ᠲᠡᠮᠳᠡᠭᠯᠡᠬᠦ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠳ ᠬᠤᠷᠠᠯ ᠳᠡᠭᠡᠷ᠎ᠡ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡ ᠵᠢᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠵᠡᠷᠭᠡ ᠠᠵᠢᠯ ᠤᠨ ᠲᠤᠬᠠᠶ ᠶᠠᠷᠢᠶ᠎ᠠ ᠲᠠᠯᠪᠢᠪᠠ᠃

     ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠠᠶᠢᠲᠤᠷ ᠰᠢᠢᠳᠪᠦᠷᠢᠯᠡᠬᠦ ᠪᠣᠯ ᠨᠢᠭᠡᠨ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠪᠣᠯᠬᠤ ᠪᠥᠭᠡᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠬᠤ ᠶᠤᠮ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ᠂ ᠰᠢᠢᠳᠪᠦᠷᠢᠯᠡᠬᠦ ᠴᠠᠭ ᠤᠨ ᠬᠢᠵᠠᠭᠠᠷ ᠪᠠ ᠶᠠᠰᠤ ᠴᠢᠨᠠᠷ ᠲᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠨᠢᠭᠡᠪᠦᠷᠢ ᠳᠤ ᠪᠣᠳᠠᠲᠠᠶ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠰᠢᠢᠳᠪᠦᠷᠢᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠤᠲᠠᠯᠠᠯᠲᠠ ᠶᠢ ᠣᠯᠪᠠ᠃ ᠲᠠᠷᠠᠭᠠᠴᠢ ᠶᠢᠨ ᠠᠯᠬᠤᠮ ᠳᠤ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠭᠠᠵᠠᠷ ᠲᠠᠰᠤᠭ ᠤᠨ ᠬᠢᠨ ᠲᠣᠰ ᠤᠳᠠᠭᠠᠨ ᠤ ᠶᠠᠷᠢᠯᠴᠠᠬᠤ ᠬᠤᠷᠠᠯ ᠤᠨ ᠱᠠᠭᠠᠷᠳᠠᠯᠭ᠎ᠠ ᠶᠣᠰᠣᠭᠠᠷ᠂ ᠤᠯᠤᠯᠴᠠᠭ᠎ᠠ ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠠᠭᠤᠯᠭ᠎ᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠨ ᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃

 

ᠢᠷᠡᠯᠲᠡ᠄ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠭᠠᠵᠠᠷ