ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠰᠠᠭᠤᠳᠠᠯ ᠤᠨ ᠰᠦᠪᠡᠭᠴᠢ ᠵᠢᠴᠢ ᠰᠠᠨᠠᠯ ᠰᠠᠨᠠᠭᠤᠯᠭ᠎ᠠ ᠶᠢ ᠢᠯᠡ ᠪᠠᠷ ᠡᠯᠰᠡᠬᠦ ᠵᠠᠷᠯᠠᠯ
ᠨᠡᠶᠢᠲᠡᠯᠡᠭᠰᠡᠨ ᠴᠠᠭ᠄
2024/7/25

    ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠰᠠᠭᠤᠳᠠᠯ ᠤᠨ ᠰᠦᠪᠡᠭᠴᠢ ᠵᠢᠴᠢ ᠰᠠᠨᠠᠯ ᠰᠠᠨᠠᠭᠤᠯᠭ᠎ᠠ ᠶᠢ ᠢᠯᠡ ᠪᠠᠷ ᠡᠯᠰᠡᠬᠦ ᠵᠠᠷᠯᠠᠯ

 

    ︽ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠲᠦᠷᠭᠡᠳᠬᠡᠨ ᠪᠠᠶᠢᠭᠤᠯᠵᠤ᠂ ᠨᠠᠩ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠲᠣ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠪᠠ ᠡᠷᠬᠡ ᠲᠡᠭᠰᠢ ᠪᠠᠷ ᠥᠷᠢᠰᠦᠯᠳᠦᠬᠦ ᠲᠥᠷᠥ ᠶᠢᠨ ᠪᠣᠳᠣᠯᠭ᠎ᠠ ᠶᠢ ᠬᠠᠷᠰᠢᠯᠠᠬᠤ ᠬᠤᠯᠪᠣᠭᠳᠠᠯ ᠪᠥᠬᠦᠶ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠢᠯᠡ ᠪᠠᠷ ᠴᠤᠭᠯᠠᠭᠤᠯᠵᠤ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠬᠠᠷᠰᠢᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃

    ᠨᠢᠭᠡ᠂ ᠡᠯᠰᠡᠬᠦ ᠬᠡᠪᠴᠢᠶ᠎ᠡ

    ︵ᠨᠢᠭᠡ︶ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠲᠠᠯ᠎ᠠ ᠪᠠᠷ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠲᠣᠭᠲᠠᠭᠠᠭᠰᠠᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠬᠠᠷᠰᠢᠯᠠᠬᠤ ᠪᠠ ᠪᠤᠴᠠᠭᠠᠨ ᠭᠠᠷᠭᠠᠬᠤ᠂ ᠲᠠᠸᠠᠷ ᠪᠠ ᠴᠢᠬᠤᠯᠠ ᠬᠦᠴᠦᠨ ᠵᠦᠢᠯ ᠤᠨ ᠴᠢᠯᠥᠭᠡᠲᠡᠶ ᠰᠢᠯᠵᠢᠬᠦ ᠶᠢ ᠬᠠᠷᠰᠢᠯᠠᠬᠤ᠂ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠥᠯᠥᠭᠡᠯᠡᠬᠦ ᠵᠡᠷᠭᠡ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠢ ᠰᠠᠯᠭᠠᠬᠤ ᠶᠢ ᠪᠠᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃

    ︵ᠬᠤᠶᠠᠷ︶ ᠬᠠᠤᠯᠢ ᠶᠣᠰᠣᠭᠠᠷ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠶᠢ ᠬᠠᠷᠰᠢᠯᠠᠬᠤ ᠲᠠᠯ᠎ᠠ ᠪᠠᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠠᠵᠤ ᠠᠬᠤᠶᠢᠯᠠᠯ ᠢ ᠱᠠᠭᠠᠷᠳᠠᠬᠤ ᠨᠢ ᠡᠷᠬᠡᠪᠰᠢ ᠶᠠᠮᠠᠷ ᠭᠠᠵᠠᠷ ᠲᠤ ᠳᠠᠩᠰᠠᠯᠠᠨ ᠲᠡᠮᠳᠡᠭᠯᠡᠬᠦ ᠵᠡᠷᠭᠡ ᠶᠢ ᠪᠠᠭᠲᠠᠭᠠᠵᠤ᠂ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠤᠶᠤ ᠰᠢᠯᠵᠢᠭᠦᠯᠬᠦ ᠳᠤ ᠬᠠᠷᠰᠢ ᠰᠠᠭᠠᠳ ᠭᠠᠷᠭᠠᠬᠤ ᠶᠢ ᠱᠠᠭᠠᠷᠳᠠᠨ᠎ᠠ︔ ᠲᠡᠮᠲᠡᠭᠯᠡᠬᠦ᠂ ᠳᠠᠩᠰᠠᠯᠠᠬᠤ᠂ ᠣᠨ ᠤ ᠪᠠᠶᠢᠴᠠᠭᠠᠯᠲᠠ᠂ ᠮᠠᠭᠠᠳᠯᠠᠨ ᠲᠣᠭᠲᠠᠭᠠᠬᠤ᠂ ᠭᠡᠷᠡᠴᠢᠯᠡᠬᠦ᠂ ᠵᠢᠭᠠᠨ ᠲᠣᠭᠲᠠᠭᠠᠬᠤ ᠵᠡᠷᠭᠡ ᠬᠡᠯᠪᠡᠷᠢ ᠪᠠᠷ ᠵᠥᠪᠰᠢᠶᠡᠷᠡᠨ ᠣᠷᠣᠭᠤᠯᠬᠤ ᠶᠢᠨ ᠬᠠᠷᠰᠢ ᠰᠠᠭᠠᠳ ᠢ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠬᠤ ᠵᠡᠷᠭᠡ︔ ᠠᠵᠤ ᠠᠬᠤᠶᠢᠯᠠᠯ ᠢ ᠬᠤᠶᠢᠰᠢᠯᠠᠭᠤᠯᠬᠤ᠂ ᠲᠡᠪᠴᠢᠬᠦ ᠪᠤᠶᠤ ᠨᠥᠬᠦᠴᠡᠯ ᠲᠣᠭᠲᠠᠭᠠᠵᠤ ᠪᠠᠶᠢᠭᠠᠳ ᠠᠵᠤ ᠠᠬᠤᠶᠢᠯᠠᠯ ᠢ ᠨᠡᠭᠦᠯᠭᠡᠨ ᠰᠢᠯᠵᠢᠭᠦᠯᠬᠦ ᠶᠢ ᠬᠢᠵᠠᠭᠠᠷᠯᠠᠭᠰᠠᠨ ᠪᠤᠰᠤᠳ ᠠᠷᠭ᠎ᠠ ᠬᠢᠳᠡᠯ ᠢ ᠪᠠᠭᠲᠠᠭᠠᠨ᠎ᠠ᠃

    ︵ᠭᠤᠷᠪᠠ︶ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠦᠷᠢᠶ᠎ᠡ ᠴᠠᠷᠠᠭ᠎ᠠ ᠶᠢᠨ ᠡᠷᠬᠡ ᠲᠡᠭᠰᠢ ᠲᠥᠪ ᠭᠤᠣᠯᠴᠢ ᠶᠢ ᠬᠠᠷᠰᠢᠯᠠᠬᠤ ᠲᠠᠯ᠎ᠠ ᠪᠠᠷ᠂ ᠬᠠᠤᠯᠢ ᠠᠴᠠ ᠵᠥᠷᠢᠴᠡᠨ ᠲᠣᠭᠲᠠᠭᠠᠭᠰᠠᠨ ᠪᠤᠶᠤ ᠲᠣᠭᠲᠠᠭᠠᠭᠰᠠᠨ ᠲᠤᠰᠬᠠᠶ ᠠᠰᠢᠭ᠂ ᠲᠠᠸᠠᠷ ᠤᠨ ᠲᠡᠮᠳᠡᠭ᠂ ᠨᠠᠷᠠᠲᠤ ᠲᠡᠮᠳᠡᠭᠲᠦ᠂ ᠰᠡᠯᠪᠢᠭ ᠲᠣᠨᠤᠭ᠂ ᠣᠭ ᠭᠠᠷᠤᠯᠲᠠ ᠶᠢᠨ ᠭᠠᠵᠠᠷ᠂ ᠬᠤᠳᠠᠯᠳᠤᠭ᠎ᠠ ᠬᠠᠩᠭᠠᠭᠴᠢ︔ ᠬᠠᠤᠯᠢ ᠶᠢ ᠵᠥᠷᠢᠴᠡᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠥᠷᠥᠯ ᠵᠦᠢᠯ ᠤᠨ ᠪᠣᠳᠠᠲᠠᠶ ᠣᠨᠴᠠᠯᠢᠭ ᠪᠠ ᠪᠣᠳᠠᠲᠠᠶ ᠬᠡᠷᠡᠭᠴᠡᠭᠡ ᠲᠠᠢ ᠲᠣᠬᠢᠷᠠᠯᠴᠠᠬᠤ ᠦᠭᠡᠢ ᠬᠢᠷᠢ ᠬᠡᠮ᠂ ᠮᠡᠷᠭᠡᠵᠢᠯ᠂ ᠬᠤᠳᠠᠯᠳᠤᠭᠠᠨ ᠤ ᠶᠠᠪᠤᠳᠠᠯ ᠤᠨ ᠨᠥᠬᠦᠴᠡᠯ ᠵᠡᠷᠭᠡ ᠶᠢ ᠪᠠᠭᠲᠠᠭᠠᠨ᠎ᠠ᠃

    ︵ᠲᠦᠷᠪᠡ︶ ᠲᠣᠭᠲᠠᠭᠠᠯ ᠠᠴᠠ ᠵᠥᠷᠢᠴᠡᠨ ᠣᠷᠣᠨ ᠨᠤᠲᠤᠭ ᠤᠨ ᠬᠠᠮᠠᠭᠠᠯᠠᠯᠲᠠ ᠪᠠ ᠣᠷᠣᠨ ᠪᠦᠰᠡ ᠶᠢᠨ ᠪᠠᠬᠢᠯᠡᠯᠲᠡ ᠶᠢ ᠪᠠᠶᠢᠷᠢᠯᠠᠭᠤᠯᠬᠤ ᠲᠠᠯ᠎ᠠ ᠪᠠᠷ᠂ ᠲᠣᠭᠲᠠᠭᠠᠯ ᠠᠴᠠ ᠵᠥᠷᠢᠴᠡᠨ ᠭᠠᠳᠠᠷ ᠣᠷᠣᠨ ᠤ ᠠᠵᠤ ᠠᠬᠤᠶᠢᠯᠠᠯ ᠢ ᠭᠠᠳᠠᠭᠤᠷᠴᠢᠯᠠᠬᠤ᠂ ᠣᠷᠣᠨ ᠨᠤᠲᠤᠭ ᠤᠨ ᠬᠠᠮᠠᠭᠠᠯᠠᠯᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠡᠷᠭᠡ ᠶᠢ ᠪᠠᠭᠲᠠᠭᠠᠨ᠎ᠠ᠃

    ︵ᠲᠠᠪᠤ︶ ᠠᠵᠤ ᠦᠢᠯᠡᠰ ᠢ ᠠᠯᠪᠠᠳᠠᠯᠭ᠎ᠠ ᠪᠠᠷ ᠢᠵᠢ ᠪᠦᠷᠢᠳᠦᠭᠦᠯᠬᠦ ᠪᠤᠶᠤ ︽ᠤᠶᠠᠬᠤ ᠲᠥᠷᠥ ᠶᠢᠨ ᠪᠣᠳᠣᠯᠭ᠎ᠠ︾ ᠶᠢᠨ ᠲᠠᠯ᠎ᠠ ᠪᠠᠷ᠂ ᠣᠷᠣᠨ ᠨᠤᠲᠤᠭ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠠᠵᠤ ᠠᠬᠤᠶᠢᠯᠠᠯ ᠤᠨ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠦᠶ᠎ᠡ ᠳᠤ᠂ ᠠᠵᠤ ᠠᠬᠤᠶᠢᠯᠠᠯ ᠤᠨ ᠢᠵᠢ ᠪᠦᠷᠢᠳᠦᠭᠦᠯᠬᠦ ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠬᠦᠷᠢᠶᠡᠯᠡᠩ᠂ ᠲᠣᠨᠣᠭᠯᠠᠯ ᠤᠨ ᠦᠢᠯᠡᠳᠪᠦᠷᠢ ᠵᠡᠷᠭᠡ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠪᠦᠲᠦᠭᠡᠨ ᠪᠠᠶᠢᠭᠤᠯᠬᠤ ᠶᠢ ᠱᠠᠭᠠᠷᠳᠠᠵᠤ᠂ ᠠᠵᠤ ᠠᠬᠤᠶᠢᠯᠠᠯ ᠢ ᠲᠤᠬᠠᠶ ᠶᠢᠨ ᠭᠠᠵᠠᠷ ᠲᠤ ᠳᠠᠩᠰᠠᠯᠠᠭᠤᠯᠬᠤ᠂ ᠪᠡᠯᠡ ᠣᠷᠣᠭᠤᠯᠤᠯᠲᠠ ᠶᠢ ᠪᠣᠳᠠᠲᠠᠶᠢᠵᠢᠭᠤᠯᠬᠤ ᠵᠡᠷᠭᠡ ᠪᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠤᠷᠢᠲᠠᠯ ᠨᠥᠬᠦᠴᠡᠯ ᠵᠡᠷᠭᠡ ᠶᠢ ᠪᠠᠭᠲᠠᠭᠠᠨ᠎ᠠ᠃

    ︵ᠵᠢᠷᠭᠤᠭ᠎ᠠ︶ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠵᠡᠭᠡᠯᠢ ᠶᠢᠨ ᠪᠦᠲᠦᠭᠡᠨ ᠪᠠᠶᠢᠭᠤᠯᠤᠯᠲᠠ ᠪᠣᠯᠤᠨ ᠭᠤᠣᠯᠴᠢ ᠪᠠᠷ ᠥᠷᠢᠰᠦᠯᠳᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠠᠷᠰᠢᠯᠠᠬᠤ ᠪᠤᠰᠤᠳ ᠠᠵᠢᠯᠯᠠᠭ᠎ᠠ ᠤᠳ᠃

    ᠬᠤᠶᠠᠷ᠂ ᠡᠯᠰᠡᠬᠦ ᠠᠷᠭ᠎ᠠ ᠬᠡᠯᠪᠡᠷᠢ

    ︵ᠨᠢᠭᠡ︶ ᠰᠢᠤᠳᠠᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠲᠣᠪᠴᠢᠶ᠎ᠠ ︵ᠭᠠᠭᠴᠠᠭᠠᠷ ᠡᠵᠡᠮᠰᠢᠯ ᠢ ᠡᠰᠡᠷᠭᠦᠴᠡᠬᠦ ᠲᠣᠪᠴᠢᠶ᠎ᠠ︶ ᠳᠤ ᠢᠯᠡᠭᠡᠨ᠎ᠡ᠂ ᠰᠢᠤᠳᠠᠨ ᠬᠠᠶᠢᠷᠴᠠᠭ ᠤᠨ ᠬᠠᠶ᠋ᠢᠭ᠄ fanlongduan2013@163.com ᠂ ᠰᠢᠤᠳᠠᠨ ᠳᠤ ︽ᠠᠰᠠᠭᠤᠳᠠᠯ ᠤᠨ ᠰᠦᠪᠡᠭᠴᠢ︾ ᠭᠡᠵᠦ ᠲᠤᠳᠤᠷᠬᠠᠶᠢᠯᠠᠨ᠂ ᠰᠦᠪᠡᠭᠴᠢ ᠶᠢᠨ ᠠᠭᠤᠯᠭ᠎ᠠ ᠶᠢ ᠨᠠᠷᠢᠨ ᠲᠣᠭᠠᠴᠢᠬᠤ ᠪᠥᠭᠡᠳ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠬᠡᠯᠪᠡᠷᠢ ᠪᠠᠨ ᠦᠯᠡᠳᠡᠭᠡᠬᠦ ᠬᠡᠷᠡᠭᠲᠡᠢ᠃

    ︵ᠬᠤᠶᠠᠷ︶ ᠬᠤᠯᠪᠣᠭᠳᠠᠯ ᠪᠥᠬᠦᠶ ᠮᠠᠲ᠋ᠧᠷᠢᠶᠠᠯ ᠢ ᠬᠥᠬᠡᠬᠤᠲᠠ ᠶᠢᠨ ᠵᠢᠨᠴᠢᠶᠤᠤ ᠨᠡᠭᠡᠭᠡᠨ ᠬᠥᠭᠵᠢᠭᠦᠯᠬᠦ ᠣᠷᠣᠨ ᠤ ᠱᠢ ᠵᠢᠢ 4 ᠵᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠲᠣᠪᠴᠢᠶ᠎ᠠ ︵ᠭᠠᠭᠴᠠᠭᠠᠷ ᠡᠵᠡᠮᠰᠢᠯ ᠢ ᠡᠰᠡᠷᠭᠦᠴᠡᠬᠦ ᠲᠣᠪᠴᠢᠶ᠎ᠠ︶ ᠳᠤ ᠬᠦᠷᠭᠡᠵᠦ ᠪᠣᠯᠣᠨ᠎ᠠ᠂ ᠰᠢᠤᠳᠠᠨ ᠨᠣᠮᠧᠷ᠄ 010010᠂ ᠤᠲᠠᠰᠤ 0471 - 4934034᠃

ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠤᠭᠠᠷᠠᠢ ᠂ ᠪᠢᠳᠡ ᠬᠤᠯᠪᠣᠭᠳᠠᠯ ᠪᠥᠬᠦᠶ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠠ ᠭᠤᠣᠯᠴᠢ ᠪᠠᠷ ᠥᠷᠢᠰᠥᠯᠳᠦᠬᠦ ᠶᠢ ᠬᠠᠷᠰᠢᠯᠠᠵᠤ ᠪᠠᠶᠢᠭ᠎ᠠ ᠠᠰᠠᠭᠤᠳᠠᠯ ᠤᠨ ᠰᠦᠪᠡᠭᠴᠢ ᠳᠤ ᠬᠣᠯᠪᠣᠭᠳᠠᠯ ᠪᠦᠬᠦᠢ ᠵᠣᠬᠢᠴᠠᠮᠵᠢ ᠪᠠᠷ ᠳᠠᠮᠵᠢᠭᠤᠯᠤᠨ ᠬᠠᠮᠢᠶ᠎ᠠ ᠪᠦᠬᠦᠢ ᠲᠠᠯ᠎ᠠ ᠶᠢ ᠵᠣᠬᠢᠴᠠᠭᠤᠯᠬᠤ ᠶᠢᠨ ᠬᠠᠮᠲᠤ ᠠᠰᠠᠭᠤᠳᠠᠯ ᠢ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠠᠷᠭ᠎ᠠ ᠬᠡᠮᠵᠢᠶ᠎ᠡ ᠠᠪᠴᠤ ᠪᠠᠶᠢᠭᠠᠳ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠩᠬᠠᠷᠴᠤ ᠪᠠᠶᠢᠭ᠎ᠠ ᠠᠰᠠᠭᠤᠳᠠᠯ ᠳᠤ ᠦᠨᠡᠨ ᠬᠦ ᠬᠠᠷᠢᠭᠤᠯᠲᠠ ᠥᠭᠬᠦ ᠪᠣᠯᠣᠨ᠎ᠠ ᠃

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2024 ᠣᠨ ᠤ 7 ᠳ᠋ᠤᠭᠠᠷ ᠰᠠᠷ᠎ᠠ ᠶᠢᠨ 23 ᠤ ᠡᠳᠦᠷ

 

ᠢᠷᠡᠯᠲᠡ᠄ ᠲᠣᠪᠴᠢᠶ᠎ᠠ ᠶᠢᠨ ᠦᠨ᠎ᠡ ᠬᠠᠩᠰᠢ ᠶᠢᠨ ᠥᠷᠢᠰᠥᠯᠳᠦᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ