ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/7/26

    ᠣᠶᠢᠷ᠎ᠠ ᠶᠢᠨ ᠵᠢᠯ ᠤᠳ ᠲᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠨᠢ ᠬᠡᠷ ᠤᠨ ᠠᠬᠠᠮᠠᠳ ᠤᠨ ᠨᠡᠶᠢᠭᠡᠮ ᠤᠨ ᠠᠩᠬᠠᠷᠤᠯ ᠤᠨ ᠴᠡᠭ ᠪᠣᠯᠪᠠ᠃ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠵᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ︽ᠠᠵᠢᠯᠯᠠᠭ᠎ᠠ︾ ᠪᠠᠷ ᠵᠠᠯᠠᠭᠤᠴᠤᠳ ᠪᠠᠭᠠᠴᠤᠳ ᠤᠨ ᠭᠤᠶᠢᠳᠠ ᠰᠠᠶᠢᠬᠠᠨ ︽ᠬᠠᠷᠠᠭ᠎ᠠ︾ ᠶᠢ ᠰᠠᠬᠢᠨ ᠬᠠᠮᠠᠭᠠᠯᠠᠪᠠ᠃

    ᠨᠢᠭᠡ ᠳᠤ ᠂ ᠨᠢᠳᠦᠨ ᠬᠠᠷᠠᠭ᠎ᠠ ᠡᠮᠴᠢᠯᠡᠭᠡᠨ ᠤ ᠪᠠᠭᠠᠵᠢ ᠬᠡᠷᠡᠭᠰᠡᠯ ᠢ ᠬᠠᠤᠯᠢ ᠪᠤᠰᠤ ᠪᠠᠷ ᠡᠵᠡᠩᠨᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠪᠡ ᠃ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠪᠡᠷᠯᠢᠭ ᠪᠦᠷᠬᠦᠪᠴᠢ ᠶᠢᠨ ᠰᠢᠯ ︵ᠵᠠᠰᠠᠯ ᠴᠢᠮᠡᠭᠯᠡᠯ ᠤᠨ ᠴᠢᠨᠠᠷᠲᠠᠶ ᠳᠠᠯᠳᠠ ᠨᠢᠳᠦᠨ ᠰᠢᠯ ᠢ ᠪᠠᠭᠲᠠᠭᠠᠨ᠎ᠠ ︶ ᠵᠢᠴᠢ ᠰᠤᠪᠢᠯᠠᠯᠲᠠ ᠶᠢᠨ ᠦᠢᠯᠡᠳᠬᠦᠨ᠂ ᠨᠢᠳᠦᠨ ᠬᠠᠷᠠᠭᠠᠨ ᠤ ᠡᠮᠴᠢᠯᠡᠭᠡᠨ ᠤ ᠪᠠᠭᠠᠵᠢ ᠬᠡᠷᠡᠭᠰᠡᠯ᠂ ᠨᠢᠳᠦᠨ ᠤ ᠨᠠᠩᠭᠢ ᠡᠳ᠋ ᠵᠡᠷᠭᠡ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠬᠤᠯᠪᠣᠭᠳᠠᠯ ᠪᠥᠬᠦᠶ ᠡᠮᠴᠢᠯᠡᠭᠡᠨ ᠤ ᠪᠠᠭᠠᠵᠢ ᠬᠡᠷᠡᠭᠰᠡᠯ ᠢᠶᠠᠷ ᠭᠤᠤᠯᠳᠠᠯᠭ᠎ᠠ ᠲᠠᠢ ᠦᠢᠯᠡᠳᠬᠦᠨ᠂ ᠲᠣᠤᠷ ᠲᠠᠲᠠᠬᠤ ᠬᠡᠯᠪᠡᠷᠢ ᠪᠠᠷ ᠨᠢᠳᠦᠨ ᠰᠢᠯ ᠤᠨ ᠬᠤᠳᠠᠯᠳᠤᠭᠠᠨ ᠤ ᠬᠤᠲᠠ᠂ ᠨᠢᠳᠤᠨ ᠰᠢᠯ ᠤᠨ ᠳᠡᠯᠭᠡᠭᠦᠷ᠂ ᠪᠠᠷᠠᠭ᠎ᠠ ᠬᠤᠳᠠᠯᠳᠤᠨ ᠠᠪᠬᠤ ᠬᠤᠳᠠᠯᠳᠤᠭᠠᠨ ᠤ ᠲᠠᠯᠠᠪᠤᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠣᠷᠣᠨ ᠪᠦᠰᠡ ᠶᠢ ᠵᠢᠭᠰᠠᠭᠠᠨ ᠪᠠᠶᠢᠴᠠᠭᠠᠵᠤ᠂ ᠦᠨᠡᠮᠯᠡᠯ ᠥᠬᠡᠶ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠢᠴᠢ ᠳᠠᠩᠰᠠᠯᠠᠭᠤᠯᠤᠭᠰᠠᠨ ᠥᠬᠡᠶ᠂ ᠬᠢᠷᠢ ᠲᠡᠩᠴᠡᠭᠰᠡᠨ ᠥᠬᠡᠶ ᠭᠡᠷᠡᠴᠢᠯᠡᠯ ᠤᠨ ᠪᠢᠴᠢᠭ ᠮᠠᠲ᠋ᠧᠷᠢᠶᠠᠯ᠂ ᠬᠤᠭᠤᠴᠠᠭ᠎ᠠ ᠨᠢ ᠥᠩᠭᠡᠷᠡᠭᠰᠡᠨ ᠪᠠ ᠬᠦᠴᠦᠨ ᠥᠬᠡᠶ ᠪᠣᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠨᠠᠨ ᠬᠠᠮᠢᠶᠠᠷᠬᠤ ᠠᠵᠢᠯᠲᠠᠨ ᠠᠰᠠᠭᠤᠳᠠᠯ ᠢ ᠢᠯᠡᠷᠡᠭᠦᠯᠦᠭᠰᠡᠨ ᠡᠵᠡᠩᠨᠡᠯᠲᠡ ᠬᠡᠷᠡᠭᠯᠡᠯᠲᠡ ᠶᠢᠨ ᠨᠢᠭᠡᠴᠢ ᠳᠤ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠬᠢᠵᠦ᠂ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠤᠨ᠂ ᠪᠠᠶᠢᠴᠠᠭᠠᠯᠲᠠ ᠪᠠᠷ ᠪᠠᠶᠢᠭᠤᠯᠬᠤ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠬᠤᠯᠪᠣᠭᠳᠠᠯ ᠪᠥᠬᠦᠶ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠪᠠ᠃ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠨᠡᠶᠢᠲᠡ 165 ᠠᠵᠤ ᠠᠬᠤᠶᠢᠯᠠᠯ ᠢ ᠪᠠᠶᠢᠴᠠᠭᠠᠵᠤ᠂ 3 ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ 3 ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠪᠠ᠃

    ᠬᠤᠶᠠᠷ ᠲᠤ᠂ ᠨᠢᠳᠦᠨ ᠰᠢᠯ ᠦᠢᠯᠡᠳᠬᠦ ᠠᠵᠢᠯ ᠲᠥᠷᠥᠯ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃ ︽ᠬᠡᠪᠢᠰ ᠮᠠᠶ᠋ᠢᠭ︾ ᠤᠨ ᠪᠦᠬᠦ ᠬᠤᠲᠠ ᠶᠢᠨ ᠨᠢᠳᠦᠨ ᠰᠢᠯ ᠦᠢᠯᠡᠳᠬᠦ ᠠᠵᠤ ᠠᠬᠤᠶᠢᠯᠠᠯ ᠤᠨ ᠨᠡᠷᠡᠰ ᠪᠣᠯᠤᠨ ᠠᠯᠪᠠᠳᠠᠯᠭ᠎ᠠ ᠪᠠᠷ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠭᠰᠠᠨ ᠪᠠᠶᠢᠳᠠᠯ ᠢ ᠣᠶᠢᠯᠭᠠᠨ ᠵᠢᠭᠰᠠᠭᠠᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠪᠡ᠃ ᠣᠳᠣᠬᠠᠨ ᠳᠤ ᠪᠦᠬᠦ ᠬᠤᠲᠠ ᠶᠢᠨ ᠪᠣᠳᠠᠲᠠᠢ ᠡᠵᠡᠩᠨᠡᠵᠦ ᠪᠠᠶᠢᠭ᠎ᠠ ᠮᠥᠷᠲᠡᠭᠡᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠨᠢᠳᠦᠨ ᠰᠢᠯ ᠤᠨ ᠳᠡᠯᠭᠡᠭᠦᠷ 452 ᠪᠠᠶᠢᠵᠤ᠂ ᠬᠡᠮᠵᠢᠯᠲᠡ ᠶᠢᠨ ᠪᠠᠭᠠᠵᠢ ᠬᠡᠷᠡᠭᠰᠡᠯ 1362 ᠰᠠᠤᠷᠢ ︵ᠢᠵᠢ︶ ᠲᠠᠢ ᠬᠤᠯᠪᠣᠭᠳᠠᠵᠠᠢ᠂ ᠡᠭᠦᠨ ᠳᠤ ᠨᠢᠭᠡᠨᠲᠡ ᠪᠠᠶᠢᠴᠠᠭᠠᠭᠰᠠᠨ ᠨᠢᠳᠦᠨ ᠰᠢᠯ ᠤᠨ ᠳᠡᠯᠭᠡᠭᠦᠷ 398᠂ ᠬᠡᠮᠵᠢᠯᠲᠡ ᠶᠢᠨ ᠪᠠᠭᠠᠵᠢ ᠬᠡᠷᠡᠭᠰᠡᠯ 844 ᠰᠠᠤᠷᠢ ︵ᠢᠵᠢ︶ ᠶᠢ ᠪᠠᠶᠢᠴᠠᠭᠠᠨ ᠲᠣᠭᠲᠠᠭᠠᠵᠤ᠂ ᠪᠠᠶᠢᠴᠠᠭᠠᠨ ᠲᠣᠭᠲᠠᠭᠠᠵᠤ ᠳᠠᠭᠤᠰᠬᠠᠭᠰᠠᠨ ᠨᠣᠷᠮ᠎ᠠ ᠨᠢ 88.1% ᠪᠠᠶᠢᠵᠤ᠂ ᠪᠠᠶᠢᠴᠠᠭᠠᠨ ᠲᠣᠭᠲᠠᠭᠠᠯᠲᠠ ᠶᠢᠨ ᠬᠢᠷᠢ ᠲᠡᠩᠴᠡᠭᠰᠡᠨ ᠨᠣᠷᠮ᠎ᠠ ᠨᠢ 97% ᠳᠤ ᠬᠦᠷᠴᠡᠢ᠃ ᠬᠤᠲᠠ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠨᠢᠳᠦᠨ ᠰᠢᠯ ᠦᠢᠯᠡᠳᠬᠦ ᠲᠠᠯᠠᠪᠤᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠡᠷᠬᠢᠨ ᠲᠣᠭᠤᠷᠢᠨ ᠵᠢᠴᠢ ᠡᠭᠦᠨ ᠠᠴᠠ ᠡᠮᠦᠨ᠎ᠡ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭᠰᠠᠨ ᠨᠢᠳᠦᠨ ᠰᠢᠯ ᠤᠨ ᠳᠡᠯᠭᠡᠭᠦᠷ ᠢ ᠭᠤᠤᠯᠳᠠᠯᠭ᠎ᠠ ᠲᠠᠢ ᠠᠩᠬᠠᠷᠴᠤ᠂ ᠨᠡᠶᠢᠲᠡ 127 ᠨᠢᠳᠦᠨ ᠰᠢᠯ ᠤᠨ ᠳᠡᠯᠭᠡᠭᠦᠷ ᠢ ᠪᠠᠶᠢᠴᠠᠭᠠᠵᠤ᠂ ᠰᠢᠯᠭᠠᠨ ᠲᠣᠭᠲᠠᠭᠠᠭᠰᠠᠨ ᠥᠬᠡᠶ ᠪᠠ ᠬᠤᠭᠤᠴᠠᠭ᠎ᠠ ᠠᠴᠠ ᠬᠡᠲᠦᠷᠡᠭᠰᠡᠨ ᠰᠢᠯᠭᠠᠨ ᠲᠣᠭᠲᠠᠭᠠᠨ ᠬᠡᠮᠵᠢᠬᠦ ᠪᠠᠭᠠᠵᠢ ᠬᠡᠷᠡᠭᠰᠡᠯ ᠢ ᠬᠡᠷᠡᠭᠯᠡᠭᠰᠡᠨ ᠨᠢᠳᠦᠨ ᠰᠢᠯ ᠤᠨ ᠳᠡᠯᠭᠡᠭᠦᠷ 13 ᠪᠠᠶᠢᠵᠤ᠂ ᠬᠢᠷᠢ ᠲᠡᠩᠴᠡᠬᠦ ᠥᠬᠡᠶ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ ᠳᠡᠯᠭᠡᠭᠦᠷ 2 ᠪᠠᠶᠢᠵᠤ᠂ ᠳᠡᠭᠡᠷᠡᠬᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠥᠮ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃

    ᠭᠤᠷᠪᠠ ᠳᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠢᠯᠡᠳᠬᠦᠨ ᠤ ᠬᠤᠳᠠᠯ ᠬᠠᠭᠤᠷᠮᠠᠭ ᠬᠠᠤᠯᠢ ᠠᠴᠠ ᠵᠥᠷᠢᠴᠡᠨ ᠡᠵᠡᠩᠨᠡᠨ ᠪᠣᠷᠣᠯᠠᠭᠤᠯᠬᠤ ᠤᠬᠠᠭᠤᠯᠭ᠎ᠠ ᠳᠤ ᠴᠣᠬᠢᠯᠲᠠ ᠥᠭᠪᠡ ᠃ ︽ᠬᠡᠤᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠷ ᠮᠡᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠬᠠᠶ ᠰᠠᠨᠠᠭᠤᠯᠬᠤ ᠴᠡᠭᠡᠷᠯᠡᠯ ᠤᠨ ᠪᠢᠴᠢᠭ︾ ᠢ ᠨᠡᠶᠢᠲᠡᠯᠡᠵᠦ᠂ ᠪᠥᠬᠦ ᠬᠤᠲᠠ ᠶᠢᠨ ᠡᠯ᠎ᠡ ᠬᠤᠯᠪᠣᠭᠳᠠᠯ ᠪᠥᠬᠦᠶ ᠡᠵᠡᠩᠨᠡᠯᠲᠡ ᠶᠢᠨ ᠠᠵᠤ ᠠᠬᠤᠶᠢᠯᠠᠯ᠂ ᠵᠠᠷ ᠮᠡᠳᠡᠭᠡ ᠡᠵᠡᠩᠨᠡᠬᠦ ᠨᠢᠭᠡᠴᠢ ᠵᠢᠴᠢ ᠵᠠᠷ ᠮᠡᠳᠡᠭᠡ ᠨᠡᠶᠢᠲᠡᠯᠡᠬᠦ ᠵᠠᠭᠤᠴᠢᠯᠠᠭᠤᠷ ᠲᠤ᠂ ︽ᠡᠷᠡᠭᠦᠯᠵᠢᠬᠦ︾᠂ ︽ᠰᠡᠷᠭᠦᠭᠡᠬᠦ︾᠂ ︽ᠭᠷᠠᠳᠦ᠋ᠰ ᠤᠨ ᠲᠤᠭ᠎ᠠ ᠶᠢ ᠪᠠᠭᠤᠷᠠᠭᠤᠯᠬᠤ︾᠂ ︽ᠣᠶᠢᠷ᠎ᠠ ᠬᠠᠷᠠᠭ᠎ᠠ ᠶᠢ ᠪᠠᠭᠤᠷᠠᠭᠤᠯᠬᠤ︾᠂ ︽ᠣᠶᠢᠷ᠎ᠠ ᠬᠠᠷᠠᠭ᠎ᠠ ᠶᠢ ᠨᠢ ᠵᠠᠰᠠᠬᠤ︾᠂ ︽ᠣᠶᠢᠷ᠎ᠠ ᠬᠠᠷᠠᠭᠠᠨ ᠤ ᠳᠠᠷᠤᠯᠭ᠎ᠠ ︾ ᠂ ︽ᠣᠶᠢᠷ᠎ᠠ ᠬᠠᠷᠠᠭ᠎ᠠ ᠶᠢ ᠰᠡᠷᠭᠦᠭᠡᠬᠦ︾ ᠵᠡᠷᠭᠡ ᠪᠤᠷᠤᠭᠤ ᠬᠥᠲᠥᠯᠬᠦ ᠴᠢᠨᠠᠷᠲᠠᠶ ᠬᠤᠳᠠᠯ ᠬᠠᠭᠤᠷᠮᠠᠭ ᠲᠣᠭᠠᠴᠢᠯᠲᠠ ᠡᠷᠡᠰ ᠬᠢᠵᠦ ᠪᠣᠯᠬᠤ ᠦᠭᠡᠢ ᠪᠠᠶᠢᠬᠤ ᠶᠢ ᠰᠠᠨᠠᠭᠤᠯᠪᠠ᠃ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢᠨ ᠰᠦᠪᠡᠭᠴᠢ ᠳᠤ ᠴᠢᠭᠯᠡᠭᠦᠯᠦᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠢᠨᠠᠨ ᠬᠡᠮᠵᠢᠯᠲᠡ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠨᠡᠶᠢᠲᠡ 106 ᠨᠢᠳᠤᠨ ᠰᠢᠯ ᠤᠨ ᠳᠡᠯᠭᠡᠭᠦᠷ ᠢ ᠪᠠᠶᠢᠴᠠᠭᠠᠵᠤ᠂ ᠬᠤᠳᠠᠯ ᠬᠠᠭᠤᠷᠮᠠᠭ ᠵᠠᠷ ᠮᠡᠳᠡᠭᠡ ᠶᠢᠨ ᠰᠡᠵᠢᠭᠯᠡᠯᠲᠡᠶ 1 ᠡᠵᠡᠩᠨᠡᠭᠴᠢ ᠲᠠᠢ ᠵᠠᠰᠠᠭ ᠵᠠᠬᠢᠷᠭᠠᠨ ᠤ ᠪᠣᠯᠵᠣᠨ ᠶᠠᠷᠢᠯᠴᠠᠭ᠎ᠠ ᠬᠢᠪᠡ᠃

 

ᠢᠷᠡᠯᠲᠡ᠄ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ