ᠤᠯᠠᠭᠠᠨᠬᠠᠳᠠ ᠬᠤᠲᠠ ᠶᠢᠨ ︽ᠳᠥᠷᠪᠡᠨ ᠬᠦᠴᠦᠨ ᠢ ᠵᠡᠷᠭᠡ ᠪᠠᠷ ᠬᠦᠴᠦᠯᠡᠭᠦᠯᠬᠦ︾ ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ
ᠨᠡᠶᠢᠲᠡᠯᠡᠭᠰᠡᠨ ᠴᠠᠭ᠄
2024/7/26

    ︽ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠵᠤ᠂ ᠮᠢᠬᠠᠨ ᠤ ᠲᠥᠷᠥᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠵᠢᠷᠤᠮᠵᠢᠭᠤᠯᠤᠨ᠂ ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠤᠯᠠᠭᠠᠨᠬᠠᠳᠠ ᠬᠤᠲᠠ ︽ᠳᠥᠷᠪᠡᠨ ᠬᠦᠴᠦᠨ ᠢ ᠵᠡᠷᠭᠡ ᠪᠠᠷ ᠬᠦᠴᠦᠯᠡᠭᠦᠯᠵᠦ︾᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠬᠤᠤᠷ ᠦᠭᠡᠶᠢᠵᠢᠭᠦᠯᠦᠨ ᠰᠢᠢᠳᠪᠦᠷᠢᠯᠡᠬᠦ᠂ ᠮᠢᠬ᠎ᠠ ᠵᠢᠴᠢ ᠮᠢᠬᠠᠨ ᠤ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠵᠤ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃

    ᠨᠢᠭᠡ ᠳᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠦᠴᠦᠷᠬᠡᠭ ᠶᠡᠭᠡ ᠬᠠᠮᠵᠢᠯᠴᠠᠬᠤ ᠬᠦᠴᠦᠨ ᠢ ᠪᠦᠷᠢᠯᠳᠦᠭᠦᠯᠪᠡ᠃ ᠤᠯᠠᠭᠠᠨᠬᠠᠳᠠ ᠬᠤᠲᠠ ᠶᠢᠨ ᠬᠤᠰᠢᠭᠤ ᠰᠢᠶᠠᠨ ᠬᠤᠶᠠᠷ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠬᠡᠷᠡᠭᠵᠢᠭᠦᠯᠬᠦ ᠲᠥᠰᠦᠯ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠢᠭᠯᠡᠭᠦᠯᠦᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢᠨ ᠬᠠᠮᠲᠤ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠪᠦᠬᠦ ᠬᠤᠲᠠ ᠶᠢᠨ ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠡᠯ᠎ᠡ ᠨᠢᠭᠡᠴᠢ ᠶᠢᠨ ᠴᠢᠬᠤᠯᠠᠴᠢᠯᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠲᠤᠰᠬᠠᠶ ᠠᠵᠢᠯᠯᠠᠭ᠎ᠠ ᠶᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠠᠵᠢᠯᠯᠠᠭ᠎ᠠ ᠶᠢᠨ ᠰᠡᠷᠡᠵᠦ ᠮᠡᠳᠡᠬᠦ ᠪᠣᠯᠬᠤ᠂ ᠰᠢᠯᠭᠠᠨ ᠪᠠᠶᠢᠴᠠᠭᠠᠵᠤ ᠪᠣᠯᠬᠤ᠂ ᠦᠨᠡᠯᠡᠨ ᠮᠠᠭᠠᠳᠯᠠᠵᠤ ᠪᠣᠯᠬᠤ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠪᠠ᠃

    ᠬᠤᠶᠠᠷ ᠲᠤ᠂ ᠬᠠᠷᠠᠯᠲᠠ ᠲᠠᠢ ᠪᠠᠷ ᠬᠦᠴᠦᠯᠡᠵᠦ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠪᠴᠢᠲᠠᠢ ᠬᠦᠴᠦᠨ ᠢ ᠦᠨᠡᠨ ᠬᠦ ᠪᠠᠲᠤᠯᠠᠪᠠ᠃ ᠪᠥᠬᠦ ᠬᠤᠲᠠ ᠪᠠᠷ ᠢᠶᠠᠨ ᠭᠠᠭ᠋ᠠᠶ᠂ ᠠᠯᠠᠰᠢᠨ ᠦᠬᠡᠷ᠂ ᠠᠯᠠᠰᠢᠨ ᠬᠤᠨᠢ ᠪᠠ ᠢᠳᠡᠰᠢᠨ ᠲᠠᠬᠢᠶ᠎ᠠ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠠᠯᠠᠵᠤ ᠨᠢᠲᠤᠯᠬᠤ ᠲᠠᠯᠠᠪᠤᠷ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠦᠭᠡᠶᠢᠵᠢᠭᠦᠯᠦᠨ ᠰᠢᠢᠳᠪᠦᠷᠢᠯᠡᠬᠦ ᠲᠠᠯᠠᠪᠠᠶ᠂ ᠮᠢᠬᠠᠨ ᠤ ᠲᠥᠷᠥᠯ ᠤᠨ ᠪᠦᠲᠦᠭᠡᠭᠳᠡᠬᠦᠨ ᠢ ᠡᠵᠡᠩᠨᠡᠵᠦ ᠪᠠᠶᠢᠭ᠎ᠠ ᠢᠳᠡᠭᠡᠨ ᠤ ᠡᠵᠡᠩᠨᠡᠭᠴᠢ᠂ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠨ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠦᠢᠯᠡᠳᠪᠦᠷᠢᠯᠡᠯ ᠡᠵᠡᠩᠨᠡᠭᠴᠢᠳ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠵᠣᠬᠢᠴᠠᠮᠵᠢ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ ᠮᠠᠯ ᠵᠢᠭᠦᠷᠲᠡᠨ ᠤ ᠮᠢᠬ᠎ᠠ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ ᠃ ᠣᠳᠣᠬᠠᠨ ᠳᠤ ᠪᠣᠯᠲᠠᠯ᠎ᠠ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠯ᠎ᠡ ᠲᠥᠷᠥᠯ ᠤᠨ ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠶᠢ ᠨᠡᠶᠢᠲᠡ 2239 ᠪᠠᠶᠢᠴᠠᠭᠠᠵᠤ᠂ 85 ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠯᠡᠷᠡᠭᠦᠯᠦᠭᠰᠡᠨ ᠪᠥᠭᠡᠳ ᠰᠢᠮᠳᠠᠭᠤᠯᠵᠤ᠂ ᠨᠡᠶᠢᠲᠡ 265 ᠤᠳᠠᠭ᠎ᠠ ᠦᠢᠯᠡᠳᠪᠦᠷᠢᠯᠡᠯ᠂ ᠡᠵᠡᠩᠨᠡᠯᠲᠡ ᠪᠠ ᠢᠳᠡᠭᠡᠨ ᠤᠮᠳᠠᠭᠠᠨ ᠤ ᠭᠤᠭᠴᠤᠭ᠎ᠠ ᠶᠢᠨ ᠮᠢᠬ᠎ᠠ ᠵᠢᠴᠢ ᠮᠢᠬᠠᠨ ᠤ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠵᠦ᠂ ᠬᠢᠷᠢ ᠲᠡᠩᠴᠡᠭᠰᠡᠨ ᠥᠬᠡᠶ 2 ᠪᠦᠯᠦᠭ ᠤᠳᠠᠭ᠎ᠠ ᠶᠢ ᠢᠯᠡᠷᠡᠭᠦᠯᠵᠦ᠂ ᠦᠷᠭᠦᠯᠵᠢᠯᠡᠨ ᠰᠢᠢᠳᠪᠦᠷᠢᠯᠡᠬᠦ ᠠᠵᠢᠯ ᠢ ᠨᠢᠭᠡᠨᠲᠡ ᠥᠷᠨᠢᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠯᠠᠰᠢᠨ ᠤ ᠦᠢᠯᠡᠳᠪᠦᠷᠢ ︵ᠲᠠᠯᠠᠪᠤᠷ︶ ᠳᠤ ᠣᠷᠣᠵᠤ ᠪᠠᠶᠢᠴᠠᠭᠠᠨ ᠰᠢᠯᠭᠠᠬᠤ ᠪᠠ ᠮᠢᠬᠠᠨ ᠤ ᠶᠠᠰᠤ ᠴᠢᠨᠠᠷ ᠤᠨ ᠪᠠᠶᠢᠴᠠᠭᠠᠨ ᠰᠢᠯᠭᠠᠯᠲᠠ ᠶᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠰᠢᠯᠭᠠᠨ ᠪᠠᠶᠢᠴᠠᠭᠠᠯᠲᠠ ᠬᠢᠭᠰᠡᠨ ᠦᠭᠡᠢ ᠠᠮᠢᠲᠠᠨ ᠤ ᠪᠦᠲᠦᠭᠡᠭᠳᠡᠬᠦᠨ ᠢ ᠦᠢᠯᠡᠳᠪᠦᠷᠢ ᠠᠴᠠ ᠭᠠᠷᠭᠠᠵᠤ ᠪᠣᠷᠣᠯᠠᠭᠤᠯᠤᠭᠰᠠᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠣᠳᠣᠬᠠᠨ ᠳᠤ᠂ ᠨᠢᠭᠡᠨᠲᠡ ᠮᠠᠯ ᠵᠢᠭᠦᠷᠲᠡᠨ ᠤ ᠲᠣᠭᠲᠠᠭᠰᠠᠨ ᠠᠵᠤ ᠠᠬᠤᠶᠢᠯᠠᠯ᠂ ᠠᠯᠠᠵᠤ ᠨᠢᠲᠤᠯᠵᠤ ᠪᠣᠯᠪᠠᠰᠤᠷᠠᠭᠤᠯᠬᠤ ᠳᠡᠯᠭᠡᠭᠦᠷ ᠵᠡᠷᠭᠡ 112 ᠠᠵᠤ ᠠᠬᠤᠶᠢᠯᠠᠯ ᠢ ᠪᠠᠶᠢᠴᠠᠭᠠᠵᠤ᠂ ᠮᠠᠯ ᠵᠢᠭᠦᠷᠲᠡᠨ ᠤ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ 72 ᠤᠳᠠᠭ᠎ᠠ ᠥᠷᠨᠢᠭᠦᠯᠪᠡ᠃ ᠪᠥᠬᠦ ᠬᠤᠲᠠ ᠶᠢᠨ ᠠᠯᠠᠰᠢᠨ ᠦᠬᠡᠷ᠂ ᠠᠯᠠᠰᠢᠨ ᠬᠤᠨᠢ᠂ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠪᠠ ᠠᠯᠠᠵᠤ ᠨᠢᠲᠤᠯᠬᠤ ᠠᠵᠤ ᠠᠬᠤᠶᠢᠯᠠᠯ ᠳᠤ ︽ᠬᠠᠷ᠎ᠠ ᠮᠢᠬᠠᠯᠠᠭᠤᠯᠬᠤ ᠬᠠᠨᠳᠠ︾ ᠶᠢᠨ ᠲᠤᠰᠬᠠᠶ ᠪᠠᠶᠢᠴᠠᠭᠠᠯᠲᠠ ᠶᠢ ᠬᠢᠵᠦ᠂ 666 ᠪᠦᠯᠦᠭ ᠦᠢᠯᠡᠳᠬᠦᠨ ᠢ ᠬᠡᠮᠵᠢᠶ᠎ᠡ ᠲᠣᠭᠲᠠᠭᠠᠨ ᠰᠤᠭᠤᠴᠢᠨ ᠪᠠᠶᠢᠴᠠᠭᠠᠵᠤ᠂ ᠪᠦᠬᠦᠨ ᠢᠶᠠᠷ ᠢᠶᠠᠨ ᠬᠢᠷᠢ ᠲᠡᠩᠴᠡᠪᠡ᠃

    ᠭᠤᠷᠪᠠ ᠳᠤ᠂ ᠴᠢᠩᠭ᠎ᠠ ᠴᠣᠬᠢᠯᠲᠠ ᠥᠭᠴᠦ᠂ ᠰᠡᠷᠡᠮᠵᠢᠯᠡᠭᠦᠯᠦᠨ ᠰᠦᠷᠳᠡᠭᠦᠯᠬᠦ ᠬᠦᠴᠦᠨ ᠢ ᠳᠡᠭᠡᠭᠰᠢᠯᠡᠭᠦᠯᠪᠡ᠃ ᠬᠤᠲᠠ ᠬᠤᠰᠢᠭᠤ ︵ᠰᠢᠶᠠᠨ︶ ᠬᠤᠶᠠᠷ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠮᠢᠬᠠᠨ ᠤ ᠲᠥᠷᠥᠯ ᠤᠨ ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠮᠡᠳᠡᠭᠳᠡᠯ ᠪᠠ ᠨᠡᠶᠢᠭᠡᠮ ᠳᠤ ᠬᠠᠨᠳᠤᠭᠤᠯᠤᠨ ᠮᠢᠬᠠᠨ ᠤ ᠲᠥᠷᠥᠯ ᠤᠨ ᠪᠦᠲᠦᠭᠡᠭᠳᠡᠬᠦᠨ  ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡ ᠪᠠᠷ ᠴᠤᠭᠯᠠᠭᠤᠯᠬᠤ ᠠᠯᠪᠠᠨ ᠵᠠᠷ ᠢ ᠨᠡᠶᠢᠲᠡᠯᠡᠵᠦ᠂ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠪᠠ ᠃ ᠡᠯ᠎ᠡ ᠬᠤᠰᠢᠭᠤ ᠰᠢᠶᠠᠨ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ᠂ ᠵᠠᠭᠤᠴᠢᠯᠠᠭᠤᠷ ᠢᠶᠠᠷ ᠢᠯᠡᠴᠢᠯᠡᠭᠰᠡᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠡᠭᠦᠰᠦᠯ ᠢ ᠨᠢ ᠡᠷᠢᠵᠦ᠂ ᠡᠴᠦᠰ ᠲᠤ ᠨᠢ ᠲᠤᠯᠲᠠᠯ᠎ᠠ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠬᠠᠤᠯᠢ ᠶᠣᠰᠣᠭᠠᠷ ᠴᠢᠩᠭ᠎ᠠ ᠰᠢᠢᠳᠭᠡᠵᠦ ᠂ ᠬᠦᠴᠦᠲᠡᠶ ᠰᠦᠷᠳᠡᠭᠦᠯᠦᠯ ᠢ ᠪᠣᠶ ᠪᠣᠯᠭᠠᠪᠠ᠃ ᠣᠳᠣᠬᠠᠨ ᠳᠤ ᠪᠣᠯᠲᠠᠯ᠎ᠠ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠲᠡ 18 ᠬᠡᠷᠡᠭ ᠢ ᠬᠡᠷᠡᠭ ᠪᠣᠯᠭᠠᠨ ᠳᠡᠩᠰᠡᠯᠡᠵᠦ᠂ 642.2 ᠺᠢᠯᠣᠭ᠍ᠷᠠᠮ ᠬᠢᠷᠢ ᠲᠡᠩᠴᠡᠬᠦ ᠦᠭᠡᠢ ᠮᠢᠬᠠᠨ ᠤ ᠲᠥᠷᠥᠯ ᠤᠨ ᠪᠦᠲᠦᠭᠡᠭᠳᠡᠬᠦᠨ ᠢ ᠪᠠᠶᠢᠴᠠᠭᠠᠨ ᠪᠢᠲᠡᠭᠦᠮᠵᠢᠯᠡᠵᠦ ᠬᠤᠷᠢᠶᠠᠨ ᠠᠪᠴᠠᠶ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠢᠬᠠᠨ ᠤ ᠲᠥᠷᠥᠯ ᠤᠨ ᠡᠷᠡᠭᠦᠤ ᠶᠢᠨ 24 ᠬᠡᠷᠡᠭ ᠢ ᠬᠡᠷᠡᠭ ᠪᠣᠯᠭᠠᠨ ᠳᠡᠩᠰᠡᠯᠡᠵᠦ᠂ 21 ᠬᠡᠷᠡᠭ ᠢ ᠳᠡᠩᠨᠡᠨ ᠢᠯᠡᠷᠡᠭᠦᠯᠵᠦ᠂  44 ᠬᠦᠮᠦᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠠᠭᠤᠷᠮᠠᠭ ᠮᠠᠭᠤ ᠮᠢᠬ᠎ᠠ ᠵᠢᠴᠢ ᠮᠢᠬᠠᠨ ᠤ ᠪᠦᠲᠦᠭᠡᠭᠳᠡᠬᠦᠨ ᠢ 130 ᠭᠠᠷᠤᠶ ᠲᠣᠨ ᠪᠠᠶᠢᠴᠠᠭᠠᠨ ᠢᠯᠡᠷᠡᠭᠦᠯᠪᠡ᠃

    ᠳᠥᠷᠪᠡ ᠳᠤ ᠂ ᠤᠬᠠᠭᠤᠯᠤᠨ ᠬᠥᠲᠥᠯᠥᠨ ᠵᠢᠯᠣᠭᠤᠳᠴᠤ᠂ ᠨᠡᠶᠢᠭᠡᠮ ᠤᠨ ᠬᠠᠮᠲᠤ ᠪᠠᠷ ᠵᠠᠰᠠᠬᠤ ᠬᠦᠴᠦᠨ ᠢ ᠴᠢᠩᠭᠠᠳᠬᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠮᠢᠬᠠᠨ ᠤ ᠲᠥᠷᠥᠯ ᠤᠨ ᠪᠦᠲᠦᠭᠡᠭᠳᠡᠬᠦᠨ ᠳᠤ ᠴᠢᠭᠯᠡᠭᠦᠯᠦᠨ ᠢᠳᠡᠭᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠤᠳᠠᠯᠳᠤᠭᠠᠨ ᠤ ᠬᠡᠲᠦ ᠳᠡᠯᠭᠡᠭᠦᠷ᠂ ᠰᠤᠷᠭᠠᠭᠤᠯᠢ ᠳᠤ ᠣᠷᠣᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠳᠣᠬᠠᠨ ᠳᠤ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1754 ᠭᠠᠷᠤᠶ ᠬᠤᠪᠢ ᠲᠠᠷᠬᠠᠭᠠᠵᠤ᠂ ᠮᠢᠬᠠᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠡᠵᠡᠩᠨᠡᠵᠦ ᠪᠠᠶᠢᠭ᠎ᠠ 541 ᠭᠠᠷᠤᠶ ᠬᠥᠮᠦᠨ ᠢ ᠪᠣᠯᠵᠣᠨ ᠶᠠᠷᠢᠯᠴᠠᠵᠤ᠂ ᠪᠣᠯᠪᠠᠰᠤᠷᠠᠭᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠤᠯᠢ ᠪᠤᠰᠤ ᠪᠠᠷ ︽ᠬᠠᠷ᠎ᠠ ᠮᠢᠬᠠᠯᠠᠭᠤᠯᠬᠤ ᠬᠠᠨᠳᠠ︾ ᠶᠢᠨ ᠦᠢᠯᠡᠳᠬᠦᠨ ᠢ ᠨᠡᠮᠡᠬᠦ ᠶᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠴᠡᠭᠡᠷᠯᠡᠯ ᠤᠨ ᠪᠢᠴᠢᠭ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 6.1 ᠲᠦᠮᠡ ᠭᠠᠷᠤᠶ ᠬᠤᠪᠢ ᠲᠠᠷᠬᠠᠭᠠᠪᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ