ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠵᠠᠷᠢᠮ ᠭᠠᠵᠠᠷ ᠣᠷᠣᠨ ᠳᠤ ᠠᠯᠮᠤᠷᠠᠳ ᠳᠣᠩ ᠤᠨ ᠮᠢᠬ᠎ᠠ ᠶᠢ ᠬᠠᠪᠲᠠᠰᠤᠨ ᠠᠴᠠ ᠨᠢ ᠠᠷᠢᠯᠭᠠᠭᠠᠳ ︽ᠬᠠᠭᠤᠷᠮᠠᠭ︾ ᠡᠮᠡᠭᠡᠨ ᠬᠢᠮᠤᠰᠤ ᠶᠢᠨ ᠮᠢᠬ᠎ᠠ ᠪᠣᠯᠭᠠᠨ ᠵᠠᠬ᠎ᠠ ᠳᠤ ᠣᠷᠣᠭᠤᠯᠤᠭᠰᠠᠨ ᠲᠤᠬᠠᠢ ᠮᠡᠳᠡᠭᠡᠯᠡᠯ ᠣᠯᠠᠨ ᠤ ᠠᠩᠬᠠᠷᠤᠯ ᠢ ᠲᠠᠲᠠᠭᠰᠠᠨ ᠪᠠᠶᠢᠨ᠎ᠠ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠵᠤ᠂ ᠬᠡᠷᠡᠭᠯᠡᠭᠴᠢᠳ ᠤᠨ ᠠᠯᠮᠤᠷᠠᠳ ᠳᠤᠩ ᠢ ᠪᠤᠷᠤᠭᠤ ᠰᠣᠩᠭᠤᠵᠤ ᠬᠤᠳᠠᠯᠳᠤᠨ ᠠᠪᠬᠤ᠂ ᠠᠯᠮᠤᠷᠠᠳ ᠳᠤᠩ ᠢ ᠢᠳᠡᠭᠰᠡᠨ ᠠᠴᠠ ᠪᠣᠯᠤᠭᠰᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ ᠣᠯᠠᠨ ᠬᠡᠷᠡᠭᠯᠡᠭᠴᠢᠳ ᠲᠤ ᠳᠤᠩ ᠤᠨ ᠮᠢᠬ᠎ᠠ ᠶᠢ ᠪᠣᠯᠭᠤᠮᠵᠢᠲᠠᠢ ᠢᠳᠡᠬᠦ ᠶᠢᠨ ᠬᠡᠷᠡᠭᠯᠡᠭᠡ ᠶᠢᠨ ᠰᠠᠨᠠᠭᠤᠯᠤᠮᠵᠢ ᠶᠢ ᠣᠨᠴᠠᠭᠠᠶᠢᠯᠠᠨ ᠨᠡᠶᠢᠲᠡᠯᠡᠪᠡ᠃
ᠠᠯᠮᠤᠷᠠᠳ ᠳᠤᠩ ᠪᠠ ᠡᠮᠡᠭᠡᠨ ᠬᠢᠮᠤᠰᠤ ᠶᠢ ᠬᠡᠷᠬᠢᠨ ᠢᠯᠭᠠᠬᠤ ᠪᠤᠢ︖
ᠠᠯᠮᠤᠷᠠᠳ ᠳᠤᠩ ᠪᠠ ᠡᠮᠡᠭᠡᠨ ᠬᠢᠮᠤᠰᠤ ᠨᠢ ᠮᠠᠰᠢ ᠶᠡᠭᠡ ᠢᠯᠭᠠᠭ᠎ᠠ ᠲᠠᠢ ᠪᠠᠶᠢᠳᠠᠭ᠃
ᠶᠡᠭᠡ ᠪᠠᠭ᠎ᠠ ᠠᠴᠠ ᠨᠢ ᠦᠵᠡᠬᠦ ᠳᠤ ᠂ ᠨᠠᠰᠤ ᠭᠦᠢᠴᠡᠭᠰᠡᠨ ᠠᠯᠮᠤᠷᠠᠳ ᠳᠤᠩ ᠤᠨ ᠪᠡᠶ᠎ᠡ ᠨᠢ ᠡᠮᠡᠭᠡᠨ ᠬᠢᠮᠤᠰᠤ ᠠᠴᠠ ᠬᠤᠯᠠ ᠶᠡᠭᠡ᠂ ᠥᠩᠭᠡ ᠠᠴᠠ ᠨᠢ ᠦᠵᠡᠬᠦ ᠳᠤ ᠂ ᠠᠯᠮᠤᠷᠠᠳ ᠳᠤᠩ ᠨᠢ ᠰᠢᠷᠠᠪᠲᠤᠷ ᠥᠩᠭᠡ ᠲᠠᠢ ᠪᠠᠶᠢᠵᠤ ᠂ ᠡᠮᠡᠭᠡᠨ ᠬᠢᠮᠤᠰᠤ ᠨᠢ ᠬᠠᠷ᠎ᠠ ᠬᠦᠷᠡᠩᠭᠡᠪᠲᠦᠷ ᠥᠩᠭᠡ ᠲᠠᠢ ᠪᠠᠶᠢᠳᠠᠭ ᠃ ᠶᠡᠭᠡ ᠪᠠᠭ᠎ᠠ ᠨᠢ ᠠᠳᠠᠯᠢᠬᠠᠨ ᠠᠯᠮᠤᠷᠠᠳ ᠳᠤᠩ ᠪᠠ ᠡᠮᠡᠭᠡᠨ ᠬᠢᠮᠤᠰᠤ ᠪᠠᠶᠢᠭᠰᠠᠨ ᠴᠤ ᠪᠦᠲᠦᠴᠡ ᠶᠢᠨ ᠲᠠᠯ᠎ᠠ ᠪᠠᠷ ᠢᠶᠠᠨ ᠮᠠᠰᠢ ᠶᠡᠭᠡ ᠢᠯᠭᠠᠭ᠎ᠠ ᠲᠠᠢ ᠪᠠᠶᠢᠳᠠᠭ᠃
ᠠᠯᠮᠤᠷᠠᠳ ᠳᠤᠩ ᠄ ᠰᠡᠭᠦᠯ ᠨᠢ ᠮᠠᠰᠢ ᠣᠬᠤᠷ ᠂ ᠪᠦᠬᠦᠯᠢ ᠴᠣᠭᠴᠠ ᠳᠤ ᠪᠠᠨ ᠳᠤᠭᠤᠷᠠᠭ ᠬᠡᠯᠪᠡᠷᠢ ᠲᠠᠢ᠂ ᠭᠠᠳᠠᠷ ᠬᠠᠪᠲᠠᠰᠤ ᠨᠢ ᠨᠢᠮᠭᠡᠨ ᠮᠥᠷᠲᠡᠭᠡᠨ ᠬᠡᠪᠡᠷᠡᠭ ᠂ ᠬᠠᠪᠲᠠᠰᠤ ᠨᠢ ᠬᠠᠪᠲᠠᠭᠠᠢ ᠰᠢᠤᠬᠠᠨ ᠪᠠᠶᠢᠳᠠᠭ᠃
ᠡᠮᠡᠭᠡᠨ ᠬᠢᠮᠤᠰᠤ ᠄ ᠰᠡᠬᠦᠯ ᠤᠨ ᠬᠡᠰᠡᠭ ᠢᠶᠠᠷ ᠢᠶᠠᠨ ᠱᠤᠪᠤᠭᠤᠷ ᠬᠡᠯᠪᠡᠷᠢᠳᠠᠢ ᠨᠡᠯᠢᠶᠡᠳ ᠤᠷᠳᠤ ᠪᠦᠭᠡᠳ ᠱᠣᠷᠤᠯᠢᠭ᠂ ᠭᠠᠳᠠᠷ ᠬᠠᠪᠲᠠᠰᠤ ᠨᠢ ᠬᠠᠳᠠᠭᠤ ᠪᠠᠬᠢᠯᠢᠭ᠌ ᠂ ᠬᠠᠪᠲᠠᠰᠤ ᠨᠢ ᠳᠤᠭᠤᠷᠠᠭ ᠰᠢᠤᠬᠠᠨ ᠪᠠᠶᠢᠳᠠᠭ᠃
ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠬᠡᠷᠬᠢᠨ ᠬᠢᠪᠡᠯ ᠵᠣᠬᠢᠬᠤ ᠪᠤᠢ︖
ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠪᠠᠷᠠᠭ᠎ᠠ ᠤᠷᠤᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠷᠡᠯᠲᠡ ᠨᠢ ᠲᠣᠳᠤᠷᠬᠠᠢ ᠦᠭᠡᠢ ᠳᠤᠩ ᠤᠨ ᠲᠦᠷᠦᠯ ᠤᠨ ᠦᠢᠯᠡᠳᠭᠦᠨ ᠢ ᠬᠤᠳᠠᠯᠳᠤᠨ ᠠᠪᠬᠤ ᠦᠭᠡᠢ ᠃
ᠢᠳᠡᠭᠡᠨ ᠤᠮᠳᠠᠭᠠᠨ ᠢ ᠪᠣᠯᠪᠠᠰᠤᠷᠠᠭᠤᠯᠬᠤ ᠶᠠᠪᠤᠴᠠ ᠳᠤ ᠡᠷᠬᠡᠪᠰᠢ ᠢᠯᠵᠠᠷᠠᠳᠠᠯᠠ ᠨᠢ ᠴᠢᠨᠠᠵᠤ᠂ ᠲᠦᠭᠦᠬᠡᠢ ᠂ ᠪᠣᠯᠭᠤᠭᠰᠠᠨ ᠢᠳᠡᠭᠡᠨ ᠪᠣᠯᠪᠠᠰᠤᠷᠠᠭᠤᠯᠬᠤ ᠪᠠᠭᠠᠵᠢ ᠬᠡᠷᠡᠭᠰᠡᠯ᠂ ᠰᠠᠪᠠ ᠶᠢ ᠰᠠᠯᠭᠠᠨ ᠬᠡᠷᠡᠭᠯᠡᠵᠦ᠂ ᠴᠠᠭ ᠲᠤᠬᠠᠢ ᠳᠤ ᠨᠢ ᠭᠠᠷ ᠤᠨ ᠬᠡᠰᠡᠭ ᠪᠠ ᠠᠵᠢᠯᠯᠠᠬᠤ ᠲᠣᠭᠤᠷᠢᠭ ᠢ ᠴᠡᠪᠡᠷᠯᠡᠵᠦ᠂ ᠠᠷᠢᠭᠤᠳᠬᠠᠨ᠂ ᠬᠤᠳᠠᠯ ᠬᠠᠭᠤᠷᠮᠠᠭ ᠤᠬᠠᠭᠤᠯᠭ᠎ᠠ ᠬᠢᠵᠦ ᠪᠣᠯᠬᠤ ᠦᠭᠡᠢ᠃
ᠥᠷᠭᠡᠨ ᠣᠯᠠᠨ ᠬᠤᠲᠠ ᠶᠢᠨ ᠠᠷᠠᠳ ᠬᠡᠷᠬᠢᠨ ᠬᠢᠪᠡᠯ ᠵᠣᠬᠢᠬᠤ ᠪᠤᠢ︖
ᠥᠷᠭᠡᠨ ᠣᠯᠠᠨ ᠬᠤᠲᠠ ᠶᠢᠨ ᠠᠷᠠᠳ ᠬᠤᠭᠤᠯᠠ ᠤᠮᠳᠠ ᠶᠢᠨ ᠰᠠᠶᠢᠨ ᠰᠠᠶᠢᠬᠠᠨ ᠳᠠᠳᠬᠠᠯ ᠲᠠᠢ ᠪᠣᠯᠬᠤ ᠬᠡᠷᠡᠭᠲᠡᠢ᠃
ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠤᠶᠤ ᠢᠳᠡᠭᠡᠨ ᠤᠮᠳᠠᠭᠠᠨ ᠤ ᠳᠠᠩᠰᠠᠯᠠᠭᠤᠯᠤᠭᠰᠠᠨ ᠦᠨᠡᠮᠯᠡᠯ ᠲᠠᠢ ᠢᠳᠡᠭᠡᠨ ᠤᠮᠳᠠᠭᠠᠨ ᠤ ᠵᠢᠵᠢᠭ ᠨᠢᠭᠡᠴᠢ ᠶᠢ ᠰᠣᠩᠭᠤᠨ ᠬᠤᠭᠤᠯᠠᠯᠠᠨ᠎ᠠ᠃
ᠥᠨᠳᠥᠷ ᠳᠤᠯᠠᠭᠠᠴᠠ ᠪᠠᠷ ᠴᠢᠨᠠᠵᠤ ᠪᠣᠯᠭᠤᠨ ᠂ ᠲᠥᠭᠦᠬᠡᠢ ᠪᠠᠷ ᠢᠳᠡᠬᠦ ᠪᠤᠶᠤ ᠪᠦᠷᠢᠮᠦᠰᠦᠨ ᠪᠣᠯᠭᠤᠭᠰᠠᠨ ᠦᠭᠡᠢ ᠳᠤᠩ ᠢ ᠢᠳᠡᠬᠦ ᠠᠴᠠ ᠵᠠᠶᠢᠯᠠᠰᠬᠢᠨ᠎ᠠ᠃
ᠦᠯᠦ ᠲᠠᠨᠢᠬᠤ ᠳᠤᠩ ᠤᠨ ᠲᠥᠷᠥᠯ ᠢ ᠬᠤᠳᠠᠯᠳᠤᠨ ᠠᠪᠬᠤ ᠦᠭᠡᠢ ᠂ ᠢᠳᠡᠬᠦ ᠦᠭᠡᠢ ᠪᠠᠶᠢᠪᠠᠯ ᠵᠣᠬᠢᠨ᠎ᠠ ᠃