2024 ᠣᠨ ᠤ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠲᠥᠪᠯᠡᠷᠡᠭᠦᠯᠦᠨ ᠦᠨᠡᠯᠡᠨ ᠪᠠᠶᠢᠴᠠᠭᠠᠬᠤ ᠬᠢᠭᠡᠳ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/7/29

    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠡᠷᠡᠭ ᠢ ᠰᠢᠢᠳᠪᠦᠷᠢᠯᠡᠬᠦ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠠᠤᠯᠢ ᠶᠢ ᠴᠢᠩᠭ᠎ᠠ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠲᠥᠪᠯᠡᠷᠡᠭᠦᠯᠦᠨ ᠦᠨᠡᠯᠡᠨ ᠪᠠᠶᠢᠴᠠᠭᠠᠬᠤ ᠬᠢᠭᠡᠳ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠪᠡ᠃ ᠾᠧᠪᠸᠢ ᠮᠤᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠳ᠋ᠤᠸᠠᠨ ᠰᠢᠶᠤᠤ ᠵᠢᠶᠦ᠋ᠨ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠥᠷᠪᠡᠨ ᠲᠤᠰᠬᠠᠶ ᠮᠡᠷᠭᠡᠵᠢᠯᠲᠡᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠪᠠ ᠪᠥᠬᠦ ᠶᠠᠪᠤᠴᠠ ᠶᠢ ᠲᠤᠬᠠᠶ ᠶᠢᠨ ᠭᠠᠵᠠᠷ ᠲᠤ ᠨᠢ ᠦᠨᠡᠯᠡᠬᠦ ᠶᠢ ᠬᠠᠷᠢᠭᠤᠴᠠᠵᠤ᠂ ᠡᠯ᠎ᠡ ᠠᠶᠢᠮᠠᠭ ᠬᠤᠲᠠ ᠵᠢᠴᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠲᠦᠷᠢᠮ ᠪᠠ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 30 ᠬᠥᠮᠦᠨ ᠲᠣᠰ ᠤᠳᠠᠭᠠᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠳᠤ ᠣᠷᠣᠯᠴᠠᠵᠠᠶ᠃

    ᠲᠣᠰ ᠤᠳᠠᠭᠠᠨ ᠤ ᠰᠢᠯᠭᠠᠷᠠᠭᠤᠯᠤᠯᠲᠠ ᠳᠤ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠵᠡᠭᠦᠯᠭᠡ ᠶᠢᠨ ᠲᠣᠭᠯᠠᠯᠲᠠ ᠶᠢᠨ ᠬᠠᠷᠢᠭᠤ ᠮᠡᠳᠡᠭᠦᠯᠦᠯᠲᠡ᠂ ᠲᠤᠰᠬᠠᠶ ᠮᠡᠷᠭᠡᠵᠢᠯᠲᠡᠨ ᠤ ᠲᠤᠬᠠᠶ ᠶᠢᠨ ᠲᠠᠯᠠᠪᠠᠶ ᠳᠤ ᠦᠨᠡᠯᠡᠯᠲᠡ ᠬᠢᠬᠦ᠂ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ᠂ ᠬᠠᠷᠢᠯᠴᠠᠨ ᠦᠨᠡᠯᠡᠵᠦ ᠬᠠᠷᠢᠯᠴᠠᠨ ᠪᠠᠶᠢᠴᠠᠭᠠᠬᠤ ᠵᠡᠷᠭᠡ ᠳᠥᠷᠪᠡᠨ ᠬᠡᠰᠡᠭ ᠠᠭᠤᠯᠭ᠎ᠠ ᠶᠢ ᠪᠠᠭᠲᠠᠭᠠᠪᠠ᠂ ᠡᠨᠡ ᠨᠢ ︽ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠯᠲᠡ ᠪᠠᠷ ᠰᠤᠷᠤᠯᠴᠠᠯᠭ᠎ᠠ ᠶᠢ ᠠᠬᠢᠭᠤᠯᠬᠤ᠂ ᠦᠨᠡᠯᠡᠯᠲᠡ ᠪᠠᠷ ᠰᠠᠨᠠᠭᠤᠯᠭ᠎ᠠ ᠶᠢ ᠠᠬᠢᠭᠤᠯᠬᠤ᠂ ᠦᠨᠡᠯᠡᠯᠲᠡ ᠪᠠᠷ ᠬᠠᠮᠢᠶᠠᠷᠤᠯᠲᠠ ᠶᠢ ᠠᠬᠢᠭᠤᠯᠬᠤ︾ ᠶᠠᠪᠤᠳᠠᠯ ᠪᠣᠯᠤᠨ᠎ᠠ᠃ ᠬᠠᠷᠢᠯᠴᠠᠨ ᠦᠨᠡᠯᠡᠵᠤ ᠬᠠᠷᠢᠯᠴᠠᠨ ᠪᠠᠶᠢᠴᠠᠭᠠᠬᠤ ᠳᠤᠮᠳᠠ᠂ ᠦᠨᠡᠯᠡᠨ ᠪᠠᠶᠢᠴᠠᠭᠠᠬᠤ ᠠᠵᠢᠯᠲᠠᠳ ᠪᠠᠷᠢᠮᠵᠢᠶ᠎ᠠ ᠨᠢᠭᠡᠳᠦᠯᠲᠡᠶ᠂ ᠪᠤᠰᠤᠳᠴᠢ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠵᠤ᠂ 70 ᠪᠤᠳᠢ ᠶᠢᠨ ᠰᠢᠯᠭᠠᠷᠠᠭᠤᠯᠤᠯᠲᠠ ᠳᠤ ᠣᠷᠣᠯᠴᠠᠭᠰᠠᠨ ᠬᠡᠷᠡᠭ ᠤᠨ ᠡᠪᠬᠡᠮᠡᠯ ᠢ ᠴᠢᠩᠭ᠎ᠠ ᠨᠢᠮᠪᠠᠶ ᠳᠠᠬᠢᠨ ᠣᠨᠣᠰᠢᠯᠠᠵᠤ᠂ ᠳᠠᠬᠢᠨ ᠡᠵᠡᠮᠳᠡᠵᠦ᠂ ᠳᠠᠬᠢᠨ ᠬᠢᠨᠠᠨ ᠬᠠᠷᠭᠤᠭᠤᠯᠵᠤ᠂ ᠴᠢᠩᠭ᠎ᠠ ᠪᠠᠶᠢᠴᠠᠭᠠᠬᠤ᠂ ᠨᠠᠷᠢᠨ ᠪᠠᠶᠢᠴᠠᠭᠠᠬᠤ᠂ ᠪᠣᠳᠠᠲᠠᠶ ᠪᠠᠶᠢᠴᠠᠭᠠᠬᠤ᠂ ᠪᠦᠷᠢᠨ ᠪᠠᠶᠢᠴᠠᠭᠠᠬᠤ ᠶᠢ ᠪᠠᠷᠢᠮᠲᠠᠯᠠᠵᠤ᠂ ᠨᠢᠭᠡ ᠤᠳᠠᠭᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠣᠳᠠᠲᠠᠶ ᠪᠣᠯᠪᠠᠰᠤᠷᠠᠯ ᠤᠨ ᠴᠢᠨᠠᠷᠲᠠᠶ ᠪᠣᠯᠪᠠᠰᠤᠷᠠᠯ ᠪᠣᠯᠪᠠ᠃ ᠰᠢᠯᠭᠠᠷᠠᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠮᠡᠳᠡᠭᠦᠯᠦᠭᠰᠡᠨ 19 ᠰᠢᠯᠢᠳᠡᠭ ᠬᠡᠷᠡᠭ ᠤᠨ ᠮᠠᠲ᠋ᠧᠷᠢᠶᠠᠯ ᠢ ᠴᠢᠩᠭ᠎ᠠ ᠨᠢᠮᠪᠠᠶ ᠰᠢᠯᠢᠨ ᠰᠣᠩᠭᠤᠵᠤ᠂ ᠬᠠᠮᠤᠭ ᠰᠡᠭᠦᠯ ᠳᠤ ᠨᠢ 8 ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠤᠨ ᠭᠠᠷᠭᠠᠪᠠ᠃

    ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠬᠦ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠬᠠᠤᠯᠢ ᠪᠠᠷ ᠵᠠᠰᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠡᠷᠡ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠤᠨ᠎ᠠ ᠂ ᠬᠠᠤᠯᠢ ᠬᠡᠷᠡᠭᠵᠢᠭᠦᠯᠬᠦ ᠰᠣᠯᠢᠯᠴᠠᠭ᠎ᠠ ᠶᠢ ᠠᠬᠢᠭᠤᠯᠬᠤ᠂ ᠬᠠᠤᠯᠢ ᠬᠡᠷᠡᠭᠵᠢᠭᠦᠯᠬᠦ ᠠᠰᠠᠭᠤᠳᠠᠯ ᠢ ᠪᠠᠶᠢᠴᠠᠭᠠᠨ ᠭᠠᠷᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠦᠴᠦᠲᠡᠢ ᠠᠷᠭ᠎ᠠ ᠬᠡᠮᠵᠢᠶ᠎ᠡ ᠮᠥᠨ ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠠᠷᠢᠨ ᠬᠢᠨᠠᠮᠠᠭᠠᠶ ᠳ᠋ᠦᠩᠨᠡᠨ ᠡᠮᠬᠢᠯᠡᠵᠦ᠂ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤ ᠨᠢ ᠵᠠᠷᠯᠠᠨ ᠮᠡᠳᠡᠭᠳᠡᠬᠦ ᠪᠣᠯᠣᠨ᠎ᠠ︔ ᠥᠪᠡᠷᠲᠡᠭᠡᠨ ᠪᠠᠶᠢᠴᠠᠭᠠᠬᠤ ᠶᠢ ᠰᠢᠮᠳᠠᠭᠤᠯᠤᠨ ᠪᠠᠶᠢᠴᠠᠭᠠᠵᠤ ᠳᠡᠭᠡᠭᠰᠢᠯᠡᠭᠦᠯᠬᠦ ᠶᠢ ᠰᠢᠪᠠᠳᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ︔ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠦᠨᠡᠯᠡᠨ ᠪᠠᠶᠢᠴᠠᠭᠠᠵᠤ ᠭᠠᠷᠭᠠᠭᠰᠠᠨ ᠰᠢᠯᠢᠳᠡᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ᠂ ᠲᠥᠷᠥᠯ ᠤᠨ ᠬᠡᠷᠡᠭ ᠢ ᠵᠢᠯᠣᠭᠤᠳᠴᠤ᠂ ᠪᠥᠬᠦ ᠣᠷᠣᠨ ᠤ ᠰᠢᠰᠲ᠋ᠧᠮ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃

 

ᠢᠷᠡᠯᠲᠡ᠄ ᠬᠠᠤᠯᠢ ᠲᠣᠭᠲᠠᠭᠠᠯ ᠤᠨ ᠭᠠᠵᠠᠷ