ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠣᠮᠣ ᠳ᠋ᠠᠶᠢᠲ᠋ᠠ ᠶᠢᠨ ᠲᠠᠪᠴᠠᠩ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/7/29

    7 ᠳ᠋ᠤᠭᠠᠷ ᠰᠠᠷ᠎ᠠ ᠶᠢᠨ 13 ᠤ ᠡᠳᠦᠷ᠂ ᠴᠡᠯᠡᠭᠡᠷ ᠲᠠᠯ᠎ᠠ ᠤᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ ᠥᠪᠥᠷ ᠮᠣᠩᠭᠤᠯ ᠤᠨ ᠬᠥᠬᠡᠬᠤᠲᠠ ᠳᠤ ᠬᠤᠷᠠᠯᠳᠤᠪᠠ᠃ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠵᠤᠷᠭᠠᠨ ᠤ ᠳᠡᠳ᠋ ᠳᠠᠷᠤᠭ᠎ᠠ ᠴᠧᠨ ᠱᠢ ᠫᠢᠨ ᠪᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠩ ᡁᠢ ᠬᠤᠩ ᠨᠠᠷ ᠬᠠᠮᠲᠤ ᠪᠠᠷ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠡᠬᠢᠯᠡᠭᠦᠯᠪᠡ᠃


7-29-要闻-轮播图.png


    ᠮᠠᠨ ᠤ ᠣᠷᠣᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠪᠥᠬᠦ ᠲᠠᠯ᠎ᠠ ᠪᠠᠷ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠪᠠ᠃ 2023 ᠣᠨ ᠤ 8 ᠳ᠋ᠤᠭᠠᠷ ᠰᠠᠷ᠎ᠠ ᠳᠤ ᠮᠧᠩ ᠼᠤᠤ ᠠᠮᠢ ᠠᠬᠤᠢ ᠣᠷᠴᠢᠨ ᠲᠣᠭᠤᠷᠢᠨ ᠤ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ ᠪᠠᠶᠢᠭᠤᠯᠬᠤ ᠪᠠᠷ ᠵᠥᠪᠰᠢᠶᠡᠷᠡᠭᠳᠡᠪᠡ᠃ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠮᠤ ᠳ᠋ᠠᠶᠢᠲ᠋ᠠ ᠶᠢᠨ ᠲᠠᠪᠴᠠᠩ ᠤᠨ ᠠᠵᠢᠯᠯᠠᠭᠠᠨ ᠨᠢ ᠡᠪᠡᠰᠦᠨ ᠤ ᠦᠢᠯᠡᠰ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠵᠤ ᠦᠢᠯᠡᠰ ᠤᠨ ᠬᠡᠯᠬᠢᠶ᠎ᠡ᠂ ᠮᠡᠷᠭᠡᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠳᠤ ᠣᠷᠣᠰᠢᠵᠤ ᠪᠠᠶᠢᠭ᠎ᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠰᠠᠶᠢᠨ ᠮᠠᠭᠤ ᠶᠢ ᠲᠣᠳᠣᠷᠬᠠᠶᠢᠯᠠᠵᠤ᠂ ᠡᠪᠡᠰᠦᠨ ᠤ ᠲᠦᠷᠦᠯ ᠵᠦᠢᠯ ᠢ ᠰᠣᠩᠭᠤᠨ ᠪᠤᠶᠢᠵᠢᠭᠤᠯᠬᠤ᠂ ᠬᠠᠮᠢᠶ᠎ᠠ ᠪᠦᠬᠦᠢ ᠦᠢᠯᠡᠳᠪᠦᠷᠢᠯᠡᠵᠦ ᠪᠣᠯᠪᠠᠰᠤᠷᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ᠂ ᠲᠤᠰᠬᠠᠢ ᠠᠰᠢᠭ ᠤᠨ ᠪᠠᠶᠢᠷᠢᠰᠢᠭᠤᠯᠤᠯ ᠤᠨ ᠵᠠᠭᠪᠤᠷ ᠪᠠ ᠲᠤᠰᠬᠠᠢ ᠠᠰᠢᠭ ᠤᠨ ᠠᠵᠢᠯᠯᠠᠭᠠᠨ ᠤ ᠠᠷᠭ᠎ᠠ ᠪᠤᠳᠤᠯᠭ᠎ᠠ ᠳᠤ ᠪᠦᠲᠦᠮᠵᠢᠲᠡᠢ ᠵᠢᠯᠤᠭᠤᠳᠤᠯᠭ᠎ᠠ ᠬᠠᠩᠭᠠᠵᠤ᠂ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠥᠪ ᠲᠤ ᠬᠦᠴᠦᠲᠡᠢ ᠲᠤᠯᠭᠠᠭᠤᠷᠢᠯᠠᠯ ᠬᠠᠩᠭᠠᠬᠤ ᠳᠤ ᠠᠰᠢᠭᠲᠠᠢ ᠶᠤᠮ᠃

    ᠲᠣᠰ ᠲᠠᠪᠴᠠᠩ ᠨᠢ ᠪᠥᠬᠦ ᠳᠡᠯᠡᠬᠡᠶ ᠶᠢᠨ 1.78 ᠳ᠋ᠦᠩᠰᠢᠭᠤᠷ ᠵᠣᠷᠪᠣᠰ ᠲᠤᠰᠬᠠᠶ ᠠᠰᠢᠭ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 2300 ᠲᠦᠮᠡᠨ ᠰᠤᠷᠪᠤᠯᠵᠢ ᠪᠢᠴᠢᠭ ᠤᠨ ᠮᠡᠳᠡᠭᠡ ᠵᠠᠩᠭᠢ ᠶᠢ ᠠᠵᠤ ᠦᠢᠯᠡᠰ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠦᠨ᠎ᠡ ᠲᠥᠯᠥᠪᠦᠷᠢ ᠥᠬᠡᠶ ᠪᠠᠷ ᠪᠠᠶᠢᠴᠠᠭᠠᠨ ᠦᠵᠡᠬᠦ ᠪᠠ ᠪᠠᠭᠤᠯᠭᠠᠨ ᠠᠪᠬᠤ ᠳᠤ ᠬᠠᠩᠭᠠᠪᠠ᠃ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠥᠪ ᠲᠠᠪᠴᠠᠩ ᠳᠤ ᠲᠦᠰᠢᠭᠯᠡᠨ ᠰᠢᠨ᠎ᠡ ᠶᠢ ᠡᠭᠦᠳᠬᠦ ᠭᠤᠣᠯ ᠴᠣᠭᠴᠠ ᠳᠤ 203 ᠲᠤᠰᠬᠠᠢ ᠠᠰᠢᠭ ᠤᠨ ᠭᠤᠶᠤᠴᠢᠯᠠᠯ ᠢ ᠠᠭᠤᠳᠠᠯᠤᠭᠰᠠᠨ ᠪᠥᠭᠡᠳ ᠪᠦᠷᠢᠯᠳᠦᠭᠦᠯᠵᠦ᠂ 37 ᠵᠦᠢᠯ ᠤᠨ ᠲᠤᠰᠬᠠᠢ ᠠᠰᠢᠭ ᠢ ᠰᠢᠯᠵᠢᠭᠦᠯᠦᠨ ᠥᠭᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠢᠨ᠎ᠡ ᠶᠢ ᠡᠭᠦᠳᠬᠦ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠵᠦ᠂ ︽ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ᠂ ᠦᠢᠯᠡᠴᠢᠯᠡᠬᠦ︾ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠬᠠᠶᠢᠯᠠᠭᠰᠠᠨ ᠠᠵᠢᠯ ᠤᠨ ᠬᠡᠯᠬᠢᠶ᠎ᠡ ᠶᠢ ᠪᠦᠬᠦ ᠲᠠᠯ᠎ᠠ ᠪᠠᠷ ᠨᠡᠪᠲᠡᠷᠡᠭᠦᠯᠬᠦ ᠪᠠᠷ ᠴᠢᠷᠮᠠᠶᠢᠵᠤ ᠪᠠᠶᠢᠨ᠎ᠠ᠃

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ ᠵᠢᠯᠣᠭᠤᠳᠤᠨ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠣᠭᠲᠠᠯᠴᠠᠭᠠᠴᠢᠯᠠᠭᠰᠠᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠷᠢᠰᠢᠭᠤᠯᠤᠯᠲᠠ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠂ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃

    ᠬᠤᠷᠠᠯ ᠳᠤ ᠪᠠᠰᠠ ︽ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ︾ ᠨᠢᠭᠡ ᠴᠣᠭᠴᠠᠵᠢᠭᠰᠠᠨ ᠮᠡᠷᠭᠡᠵᠢᠯ ᠤᠨ ᠰᠤᠳᠤᠯᠭᠠᠨ ᠪᠣᠯᠤᠨ ᠬᠡᠷᠡᠭᠯᠡᠭᠡᠨ ᠤ ᠬᠠᠮᠲᠤᠷᠠᠯᠴᠠᠭᠠᠨ ᠤ ᠲᠥᠷᠥᠯ ᠵᠦᠢᠯ᠂ ᠡᠪᠡᠰᠦᠨ ᠤ ᠡᠭᠦᠳᠦᠯᠲᠡ ᠶᠢᠨ ᠲᠥᠪ ᠤᠨ ︽ᠪᠦᠬᠦ ᠪᠥᠮᠪᠥᠷᠴᠡᠭ ᠤᠨ ᠣᠶᠤᠨᠴᠢ ᠬᠠᠮᠲᠤ ᠶᠢᠨ ᠴᠢᠷᠮᠠᠶᠢᠯᠭ᠎ᠠ ᠪᠠᠷ ᠡᠪᠡᠰᠦᠨ ᠤ ᠦᠢᠯᠡᠰ ᠤᠨ ᠢᠷᠡᠭᠡᠳᠦᠢ ᠶᠢ ᠬᠠᠮᠲᠤ ᠪᠠᠷ ᠴᠣᠭᠴᠠᠯᠠᠬᠤ︾ ᠤᠯᠠᠨ ᠤᠯᠤᠰ ᠤᠨ ᠬᠠᠮᠲᠤᠷᠠᠯᠴᠠᠭ᠎ᠠ ᠵᠡᠷᠭᠡ ᠰᠢᠨ᠎ᠡ ᠲᠦᠷᠦᠯ ᠵᠦᠢᠯ ᠢ ᠡᠬᠢᠯᠡᠭᠦᠯᠪᠡ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ