ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠪᠠ
ᠨᠡᠶᠢᠲᠡᠯᠡᠭᠰᠡᠨ ᠴᠠᠭ᠄
2024/7/29

    ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠳᠡᠭᠡᠨ ᠤ ᠠᠮᠤᠷ ᠲᠦᠪᠰᠢᠨ ᠤ ᠥᠪᠡᠷᠲᠡᠭᠡᠨ ᠡᠵᠡᠮᠳᠡᠵᠦ ᠥᠪᠡᠷᠲᠡᠭᠡᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠂ ᠬᠠᠳᠠᠭᠠᠯᠠᠬᠤ᠂ ᠲᠡᠭᠡᠭᠡᠪᠦᠷᠢᠯᠡᠬᠦ ᠭᠤᠭᠴᠤᠭ᠎ᠠ ᠶᠢᠨ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠤᠰᠠᠳᠠ᠂ ᠬᠥᠬᠡᠬᠤᠲᠠ ᠶᠢᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠪᠠ᠃

    ᠨᠢᠭᠡ ᠳᠤ᠂ ᠮᠢᠬᠠᠨ ᠤ ᠲᠥᠷᠥᠯ ᠤᠨ ᠢᠳᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠪᠥᠬᠦ ᠬᠤᠲᠠ ᠶᠢᠨ 28 ᠬᠥᠯᠳᠡᠬᠡᠬᠦ ᠬᠦᠢᠲᠡᠨ ᠢᠶᠠᠷ ᠬᠠᠳᠠᠭᠠᠯᠠᠬᠤ ᠲᠤᠬᠠᠶᠢᠯᠠᠭᠰᠠᠨ ᠠᠵᠢᠯ ᠤᠨ ᠢᠳᠡᠭᠡᠨ ᠤ ᠪᠤᠰᠤ ᠡᠵᠡᠩᠨᠡᠭᠴᠢ ︵ᠭᠤᠷᠪᠠᠳᠠᠬᠢ ᠡᠲᠡᠭᠡᠳ ᠤᠨ ᠬᠦᠢᠲᠡᠨ ᠬᠥᠮᠥᠷᠭᠡ︶ ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠲᠡᠭᠦᠨ ᠤ ᠭᠤᠤᠯ ᠴᠣᠭᠴᠠ ᠶᠢᠨ ᠬᠢᠷᠢ ᠬᠡᠮ ᠤᠨ ᠬᠠᠤᠯᠢ ᠶᠣᠰᠣᠴᠢ ᠴᠢᠨᠠᠷ ᠵᠢᠴᠢ ᠡᠵᠡᠩᠨᠡᠯᠲᠡ ᠶᠢᠨ ᠶᠠᠪᠤᠴᠠ ᠶᠢᠨ ᠲᠡᠮᠳᠡᠭᠳᠤ ᠴᠢᠨᠠᠷ ᠢ ᠬᠢᠨᠠᠨ ᠬᠠᠷᠭᠤᠭᠤᠯᠵᠤ᠂ ᠲᠡᠭᠦᠨ ᠤ ᠳᠠᠩᠰᠠᠯᠠᠭᠤᠯᠤᠭᠰᠠᠨ ᠮᠡᠳᠡᠭᠡ ᠵᠠᠩᠭᠢ᠂ ᠳᠠᠩᠰᠠᠯᠠᠭᠤᠯᠤᠭᠰᠠᠨ ᠴᠠᠭ ᠬᠤᠭᠤᠴᠠᠭ᠎ᠠ᠂ ᠮᠡᠳᠡᠭᠡ ᠵᠠᠩᠭᠢ ᠶᠢ ᠨᠡᠶᠢᠲᠡᠯᠡᠬᠦ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠵᠤ᠂ ᠲᠦᠷᠢᠶᠡᠰᠦᠨ ᠲᠠᠯ᠎ᠠ ᠶᠢᠨ ᠢᠳᠡᠭᠡᠨ ᠤ ᠡᠵᠡᠩᠨᠡᠭᠴᠢ ᠬᠠᠳᠠᠭᠠᠯᠠᠵᠤ ᠲᠡᠭᠡᠭᠡᠪᠦᠷᠢᠯᠡᠬᠦ ᠦᠢᠯᠡᠴᠢᠯᠡᠭᠡ ᠬᠠᠩᠭᠠᠭᠴᠢ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠪᠠᠶᠢᠴᠠᠭᠠᠨ ᠰᠢᠯᠭᠠᠬᠤ ᠳᠤ ᠲᠠᠩᠰᠠ ᠡᠪᠬᠡᠮᠡᠯ ᠪᠠᠶᠢᠭᠤᠯᠬᠤ᠂ ᠬᠢᠨᠠᠨ ᠬᠠᠷᠭᠤᠭᠤᠯᠬᠤ᠂ ᠬᠢᠨᠠᠯᠲᠠ ᠲᠠᠯᠪᠢᠬᠤ ᠵᠡᠷᠭᠡ ᠡᠭᠦᠷᠭᠡ ᠶᠢ ᠭᠦᠢᠴᠡᠳᠭᠡᠭᠰᠡᠨ ᠡᠰᠡᠬᠦ ᠶᠢ ᠪᠠᠶᠢᠴᠠᠭᠠᠪᠠ᠃ ᠬᠠᠷᠢᠶ᠎ᠠ ᠣᠷᠣᠨ ᠤ ᠳᠣᠲᠣᠷᠠᠬᠢ ᠬᠥᠯᠳᠡᠭᠡᠵᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠬᠠᠳᠠᠭᠠᠯᠠᠯᠲᠠ᠂ ᠲᠡᠭᠡᠭᠡᠪᠦᠷᠢᠯᠡᠬᠦ ᠲᠠᠷᠬᠠᠯᠲᠠ ᠶᠢᠨ ᠪᠠᠶᠢᠳᠠᠯ ᠵᠢᠴᠢ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠴᠢᠩᠭ᠎ᠠ᠂ ᠦᠷ᠎ᠡ ᠪᠦᠲᠦᠮᠵᠢ ᠨᠢ ᠪᠣᠳᠠᠲᠠᠶ ᠪᠠᠶᠢᠬᠤ ᠶᠢ ᠪᠡᠶᠡᠯᠡᠭᠦᠯᠪᠡ᠃

    ᠬᠤᠶᠠᠷ ᠲᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠵᠢᠯᠣᠭᠤᠳᠪᠠ᠃ ᠭᠤᠷᠪᠠᠳᠠᠬᠢ ᠡᠲᠡᠭᠡᠳ ᠤᠨ ᠬᠦᠢᠲᠡᠨ ᠬᠥᠮᠥᠷᠭᠡ᠂ ᠦᠢᠯᠡᠳᠪᠦᠷᠢᠯᠡᠨ ᠡᠵᠡᠩᠨᠡᠭᠴᠢ ᠶᠢᠨ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠬᠤ ᠵᠢᠴᠢ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ ︾ ᠶᠢᠨ ᠠᠵᠢᠯ ᠤᠨ ᠵᠣᠬᠢᠴᠠᠮᠵᠢ ᠶᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠪᠠᠶᠢᠳᠠᠯ ᠵᠢᠴᠢ ᠬᠠᠳᠠᠭᠠᠯᠠᠬᠤ ᠲᠠᠯᠠᠪᠤᠷ ᠤᠨ ᠬᠠᠮᠢᠶᠠᠷᠤᠯᠲᠠ᠂ ᠠᠵᠢᠯᠲᠠᠨ ᠤ ᠪᠣᠯᠪᠠᠰᠤᠷᠠᠯ᠂ ᠳᠤᠯᠠᠭᠠᠨ ᠤ ᠬᠡᠮᠵᠢᠶ᠎ᠡ ᠶᠢ ᠡᠵᠡᠮᠳᠡᠬᠦ᠂ ᠢᠳᠡᠭᠡᠨ ᠢ ᠬᠥᠮᠥᠷᠭᠡ ᠳᠤ ᠣᠷᠣᠭᠤᠯᠬᠤ᠂ ᠬᠠᠳᠠᠭᠠᠯᠠᠬᠤ ᠵᠢᠴᠢ ᠬᠥᠮᠥᠷᠭᠡ ᠠᠴᠠ ᠭᠠᠷᠭᠠᠬᠤ᠂ ᠬᠢᠷᠢ ᠲᠡᠩᠴᠡᠬᠦ ᠥᠬᠡᠶ ᠢᠳᠡᠭᠡᠨ ᠢ ᠵᠠᠬ᠎ᠠ ᠳᠡᠯᠭᠡᠭᠦᠷ ᠠᠴᠠ ᠪᠤᠴᠠᠭᠠᠵᠤ ᠤᠰᠠᠳᠬᠠᠬᠤ᠂ ᠢᠳᠡᠭᠡᠨ ᠤ ᠠᠮᠤᠷ ᠲᠦᠪᠰᠢᠨ ᠤ ᠮᠥᠷᠳᠡᠯᠲᠡ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃

    ᠭᠤᠷᠪᠠ ᠳᠤ ᠂ ᠬᠥᠯᠳᠡᠬᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠳᠤᠲᠠᠭᠤᠳᠠᠯ ᠪᠠᠭᠤᠷᠠᠶ ᠲᠠᠯ᠎ᠠ ᠪᠠᠨ ᠴᠠᠭ ᠲᠤᠬᠠᠶ ᠳᠤ ᠨᠢ ᠨᠥᠬᠦᠪᠥᠷᠢᠯᠡᠵᠦ᠂ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠪᠠ᠃ ᠲᠦᠭᠰᠢᠭᠦᠷᠢ ᠶᠢ ᠬᠢᠨᠠᠨ ᠰᠢᠨᠵᠢᠬᠦ ᠵᠢᠴᠢ ᠢᠲᠡᠭᠡᠮᠵᠢ ᠠᠯᠳᠠᠭᠰᠠᠨ ᠬᠥᠮᠦᠰ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠢᠷᠡᠯᠳᠡ ᠪᠠ ᠬᠠᠨᠳᠤᠰᠢ ᠶᠢ ᠴᠠᠭ ᠲᠤᠬᠠᠶ ᠳᠤ ᠨᠢ ᠨᠡᠬᠡᠮᠵᠢᠯᠡᠨ ᠪᠠᠶᠢᠴᠠᠭᠠᠵᠤ᠂ ᠳᠠᠷᠢᠵᠤ ᠲᠡᠵᠢᠭᠡᠨ ᠦᠷᠡᠵᠢᠭᠦᠯᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠲᠡᠭᠡᠭᠡᠪᠦᠷᠢᠯᠡᠬᠦ ᠵᠠᠩᠭᠢᠯᠠᠭ᠎ᠠ ᠳᠤ ᠬᠤᠯᠪᠣᠭᠳᠠᠭᠰᠠᠨ ᠪᠠᠶᠢᠪᠠᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ᠂ ᠶᠠᠯ᠎ᠠ ᠬᠢᠬᠦ ᠳᠤ ᠬᠤᠯᠪᠣᠭᠳᠠᠭᠰᠠᠨ ᠪᠠᠶᠢᠪᠠᠯ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃

    ᠳᠥᠷᠪᠡ ᠳᠤ ᠂ ᠮᠠᠯ ᠵᠢᠭᠦᠷᠲᠡᠨ ᠤ ᠮᠢᠬᠠᠨ ᠤ ᠵᠦᠢᠯ ᠤᠨ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠮᠠᠯ ᠵᠢᠭᠦᠷᠲᠡᠨ ᠤ ᠮᠢᠬ᠎ᠠ ᠪᠠᠷ ᠭᠤᠤᠯᠳᠠᠯᠭ᠎ᠠ ᠲᠠᠢ ᠲᠦᠷᠦᠯ ᠵᠦᠢᠯ ᠪᠣᠯᠭᠠᠵᠤ᠂ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ︵ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠲᠣᠮᠣ ᠴᠤᠭᠯᠠᠭ᠎ᠠ ᠪᠠ ᠬᠤᠯᠪᠣᠭᠳᠠᠯ ᠪᠥᠬᠦᠶ ᠢᠳᠡᠭᠡᠨ ᠤ ᠳᠡᠯᠭᠡᠨ ᠪᠣᠷᠣᠯᠠᠭᠤᠯᠬᠤ ᠴᠤᠭᠯᠠᠭᠠᠨ︶᠂ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠲᠦᠭᠦᠬᠡᠶ ᠰᠣᠷᠭᠤᠭ ᠮᠢᠬᠠᠨ ᠤ ᠲᠥᠷᠥᠯ ᠤᠨ ᠲᠤᠰᠬᠠᠶ ᠬᠤᠳᠠᠯᠳᠤᠭᠠᠨ ᠤ ᠳᠡᠯᠭᠡᠭᠦᠷ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠦᠢᠯ ᠤᠨ ᠪᠣᠷᠣᠯᠠᠭᠤᠯᠭ᠎ᠠ ᠶᠢᠨ ᠭᠤᠤᠯ ᠴᠣᠭᠴᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠡᠬᠡ ᠲᠠᠩᠰᠠ ᠪᠠᠶᠢᠭᠤᠯᠵᠤ᠂ ᠦᠨᠳᠦᠰᠦᠨ ᠪᠠᠶᠢᠳᠠᠯ ᠢ ᠡᠵᠡᠮᠰᠢᠵᠦ᠂ ᠳᠡᠭᠡᠳᠦ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ᠂ ᠬᠢᠨᠠᠯᠲᠠ ᠲᠠᠯᠪᠢᠵᠤ ᠪᠠᠶᠢᠴᠠᠭᠠᠬᠰᠠᠨ᠂ ᠲᠣᠭᠤᠷᠢᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠰᠠᠨ ᠵᠡᠷᠭᠡ ᠬᠡᠷᠡᠭ ᠤᠨ ᠰᠦᠪᠡᠭᠴᠢ ᠶᠢ ᠭᠦᠢᠴᠡᠳ ᠵᠢᠭᠰᠠᠭᠠᠨ ᠪᠠᠶᠢᠴᠠᠭᠠᠵᠤ᠂ ᠮᠢᠬᠠᠨ ᠤ ᠵᠦᠢᠯ  ᠤᠨ ᠦᠢᠯᠡᠳᠬᠦᠨ ᠢ ᠪᠣᠷᠣᠯᠠᠭᠤᠯᠬᠤ ᠭᠤᠤᠯ ᠴᠣᠭᠴᠠ ᠶᠢᠨ ᠭᠡᠷᠡᠴᠢ ᠲᠡᠮᠳᠡᠭ ᠪᠠ ᠫᠢᠶᠣᠣ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠵᠤ ᠲᠡᠮᠳᠡᠭᠯᠡᠬᠦ ᠲᠦᠷᠢᠮ ᠢ ᠨᠠᠶᠢᠳᠠᠪᠤᠷᠢᠵᠢᠭᠤᠯᠤᠭᠰᠠᠨ ᠥᠬᠡᠶ ᠪᠠ ᠡᠵᠡᠩᠨᠡᠯᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠨᠥᠬᠦᠴᠡᠯ ᠤᠨ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠦᠨᠡᠮᠯᠡᠯ ᠥᠬᠡᠶ ᠪᠠᠷ ᠮᠠᠯ ᠵᠢᠭᠦᠷᠲᠡᠨ ᠤ ᠮᠢᠬ᠎ᠠ ᠪᠣᠷᠣᠯᠠᠭᠤᠯᠬᠤ᠂ ᠢᠷᠡᠯᠲᠡ ᠨᠢ ᠲᠣᠳᠣᠷᠬᠠᠶ ᠥᠬᠡᠶ᠂ ᠮᠠᠯ ᠤᠨ ᠡᠮ ᠤᠨ ᠦᠯᠡᠳᠡᠭᠳᠡᠯ ᠨᠢ ᠪᠠᠷᠢᠮᠵᠢᠶ᠎ᠠ ᠠᠴᠠ ᠬᠡᠲᠦᠷᠡᠭᠰᠡᠨ ᠵᠢᠴᠢ ᠤᠰᠤ ᠣᠷᠤᠭᠤᠯᠤᠭᠰᠠᠨ᠂ ᠡᠮ ᠣᠷᠤᠭᠤᠯᠤᠭᠰᠠᠨ᠂ ᠴᠠᠪᠠᠤ ᠣᠷᠤᠭᠤᠯᠤᠭᠰᠠᠨ᠂ ᠢᠯᠵᠠᠷᠠᠮᠠᠯ ᠮᠢᠬᠠᠨ ᠤ ᠵᠦᠢᠯ ᠤᠨ ᠦᠢᠯᠡᠳᠬᠦᠨ ᠢ ᠪᠣᠷᠣᠯᠠᠭᠤᠯᠬᠤ ᠵᠢᠴᠢ ᠮᠠᠯ ᠵᠢᠭᠦᠷᠲᠡᠨ ᠤ ᠵᠦᠢᠯ ᠤᠨ ᠲᠣᠭᠲᠠᠭᠠᠯ ᠶᠣᠰᠣᠭᠠᠷ ᠪᠦᠷᠢᠳᠬᠡᠭᠦᠯᠵᠦ ᠳᠠᠩᠰᠠᠯᠠᠭᠤᠯᠤᠭᠰᠠᠨ ᠥᠬᠡᠶ ᠮᠢᠬᠠᠨ ᠤ ᠵᠦᠢᠯ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠪᠡ᠃

    ᠲᠠᠪᠤ ᠳᠤ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠥᠭᠡᠮᠡᠯᠵᠢᠭᠦᠯᠪᠡ ᠃ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠬᠡᠷᠡᠭᠯᠡᠭᠡ ᠶᠢᠨ ᠰᠠᠨᠠᠭᠤᠯᠤᠮᠵᠢ ᠶᠢ ᠴᠠᠭ ᠲᠣᠬᠠᠢ ᠳᠤ ᠨᠢ ᠨᠡᠶᠢᠲᠡᠯᠡᠵᠦ᠂ ᠣᠯᠠᠨ ᠨᠡᠶᠢᠲᠡ ᠶᠢᠨ ᠢᠳᠡᠭᠡᠨ ᠤ ᠠᠮᠦᠷ ᠲᠥᠪᠰᠢᠨ ᠤ ᠬᠢᠷᠢ ᠬᠡᠮᠵᠢᠶ᠎ᠡ ᠪᠣᠯᠣᠨ ᠰᠡᠷᠭᠡᠶᠢᠯᠡᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠡᠷᠡᠭᠯᠡᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠬᠡᠷᠡᠭᠯᠡᠭᠡ ᠶᠢᠨ ᠦᠵᠡᠯᠲᠡ ᠪᠣᠯᠣᠨ ᠡᠷᠡᠭᠦᠯ ᠮᠡᠨᠳᠦ ᠶᠢᠨ ᠣᠨᠣᠯᠵᠢᠬᠤᠨ ᠢ ᠪᠣᠢ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ ᠡᠵᠡᠩᠨᠡᠯᠲᠡ ᠶᠢᠨ ᠶᠠᠪᠤᠴᠠ ᠶᠢᠨ ᠡᠵᠡᠮᠳᠡᠯ ᠢ ᠴᠢᠩᠭᠠᠷᠠᠭᠤᠯᠵᠤ᠂ ᠢᠳᠡᠭᠡᠨ ᠤ ᠠᠮᠦᠷ ᠲᠥᠪᠰᠢᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠣᠬᠠᠢ ᠳᠤ ᠨᠢ ᠢᠯᠡᠷᠡᠭᠦᠯᠬᠦ ᠶᠢᠨ ᠬᠠᠮᠲᠤ ᠲᠣᠬᠢᠲᠠᠢ ᠰᠢᠢᠳᠪᠦᠷᠢᠯᠡᠨ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠳᠠᠯ  ᠢ ᠪᠣᠢ ᠪᠣᠯᠭᠠᠪᠠ᠃

    ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠬᠤᠲᠠ ᠶᠢᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 2379 ᠬᠥᠮᠦᠨ ᠤᠳᠠᠭ᠎ᠠ ᠬᠥᠳᠡᠯᠭᠡᠵᠦ᠂ 189 ᠡᠷᠦᠬᠡ ᠤᠳᠠᠭ᠎ᠠ ᠬᠦᠢᠲᠡᠨ ᠬᠥᠮᠥᠷᠭᠡ ᠶᠢ ᠪᠠᠶᠢᠴᠠᠭᠠᠵᠤ᠂ ᠬᠥᠯᠳᠡᠭᠡᠬᠦ ᠬᠦᠢᠲᠡᠨ ᠢᠶᠠᠷ ᠬᠠᠳᠠᠭᠠᠯᠠᠬᠤ ᠢᠳᠡᠭᠡᠨ ᠤ ᠪᠣᠷᠣᠯᠠᠭᠤᠯᠤᠭᠴᠢ ᠶᠢ 1098 ᠤᠳᠠᠭ᠎ᠠ ᠪᠠᠶᠢᠴᠠᠭᠠᠵᠤ᠂ ᠬᠡᠷᠡᠭᠯᠡᠭᠴᠢᠳ ᠤᠨ ᠭᠤᠮᠣᠳᠠᠯ ᠲᠣᠭᠠᠴᠢᠭᠰᠠᠨ ᠪᠠ ᠢᠯᠡᠴᠢᠯᠡᠨ ᠮᠡᠳᠡᠭᠦᠯᠦᠭᠰᠡᠨ 1 ᠬᠡᠷᠡᠭ ᠢ ᠭᠥᠯᠢᠶᠡᠨ ᠠᠪᠴᠤ ᠰᠢᠢᠳᠪᠦᠷᠢᠯᠡᠪᠡ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ