ᠥᠪᠥᠷ ᠮᠣᠩᠭᠤᠯ ᠤᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠮᠡᠳᠡᠭᠳᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/3

    ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠰᠬᠠᠶ ᠠᠰᠢᠭ ᠤᠨ ᠡᠷᠬᠡᠲᠦ ᠬᠥᠮᠦᠨ ᠪᠠ ᠨᠡᠶᠢᠭᠡᠮ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠨᠠᠩ ᠲᠦᠷᠭᠡᠨ ᠢᠶᠠᠷ ᠬᠠᠤᠯᠢ ᠶᠣᠰᠣᠭᠠᠷ ᠬᠠᠮᠠᠭᠠᠯᠠᠵᠤ᠂ ᠬᠤᠳᠠᠯᠳᠤᠭ᠎ᠠ ᠡᠵᠡᠩᠨᠡᠬᠦ ᠪᠠ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶᠂ ᠬᠠᠤᠯᠢ ᠴᠠᠭᠠᠵᠠ ᠶᠢᠨ ᠲᠢᠩᠬᠢᠮ ᠠᠴᠠ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠮᠡᠳᠡᠭᠳᠡᠬᠦ ᠲᠦᠷᠢᠮ ︵ᠳᠣᠷᠣᠭᠰᠢ ︽ᠮᠡᠳᠡᠭᠳᠡᠬᠦ ᠲᠦᠷᠢᠮ︾ ᠭᠡᠵᠦ ᠲᠣᠪᠴᠢᠯᠠᠨ᠎ᠠ︶ ᠢ ᠬᠡᠷᠡᠭᠵᠢᠭᠦᠯᠬᠦ ᠪᠠᠷ ᠲᠣᠭᠲᠠᠪᠠ᠃

    ᠮᠡᠳᠡᠭᠳᠡᠬᠦ ᠲᠦᠷᠢᠮ ᠳᠤ ᠭᠤᠷᠪᠠᠨ ᠲᠠᠯ᠎ᠠ ᠶᠢᠨ ᠠᠭᠤᠯᠭ᠎ᠠ ᠶᠢ ᠲᠣᠳᠣᠷᠬᠠᠶ ᠲᠣᠭᠲᠠᠭᠠᠪᠠ᠄

    ᠮᠡᠳᠡᠭᠳᠡᠬᠦ ᠭᠤᠣᠯ ᠴᠣᠭᠴᠠ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠢ ᠬᠥᠲᠥᠯᠦᠨ ᠵᠢᠯᠣᠭᠤᠳᠴᠤ ᠪᠠᠶᠢᠭᠠᠳ ᠂ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠲᠠᠰᠤᠯᠤᠯᠲᠠ ᠪᠠᠷ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠶᠢ ᠰᠣᠩᠭᠤᠵᠤ ᠪᠣᠯᠬᠤ ᠶᠢ ᠮᠡᠳᠡᠭᠳᠡᠨ᠎ᠡ ︔ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ︵ᠮᠡᠳᠡᠯᠭᠡ ᠶᠢᠨ ᠥᠮᠴᠢᠯᠡᠯ ᠤᠨ ᠡᠷᠬᠡ︶ ᠶᠢᠨ ᠰᠠᠯᠠᠭ᠎ᠠ ᠮᠥᠴᠢᠷ ᠤᠳ ᠲᠤᠰᠬᠠᠢ ᠠᠰᠢᠭ ᠤᠨ ᠡᠷᠬᠡ ᠶᠢ ᠣᠷᠣᠯᠠᠨ ᠡᠷᠬᠢᠯᠡᠬᠦ ᠪᠠᠶᠢᠭᠤᠯᠤᠮᠵᠢ ᠶᠢ ᠵᠢᠯᠣᠭᠤᠳᠴᠤ ᠪᠠᠶᠢᠭᠠᠳ᠂ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠲᠠᠰᠤᠯᠤᠯᠲᠠ ᠪᠠᠷ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠶᠢ ᠰᠣᠩᠭᠤᠵᠤ ᠪᠣᠯᠬᠤ ᠶᠢ ᠮᠡᠳᠡᠭᠳᠡᠨ᠎ᠡ ︔ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢ ᠳᠠᠩᠰᠠᠯᠠᠵᠤ ᠬᠡᠷᠡᠭ ᠪᠣᠯᠭᠠᠬᠤ ᠠᠴᠠ ᠡᠮᠦᠨ᠎ᠡ ᠲᠤᠬᠠᠢ ᠶᠢᠨ ᠬᠥᠮᠦᠨ ᠢ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠵᠠᠰᠠᠭ ᠵᠠᠬᠢᠷᠭᠠᠨ ᠤ ᠲᠠᠰᠤᠯᠤᠯᠲᠠ ᠶᠢᠨ ᠠᠷᠭ᠎ᠠ ᠮᠠᠶ᠋ᠢᠭ ᠢ ᠰᠣᠩᠭᠤᠵᠤ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠵᠦ ᠪᠣᠯᠤᠨ᠎ᠠ᠃

    ᠮᠡᠳᠡᠭᠳᠡᠬᠦ ᠠᠷᠭ᠎ᠠ ᠮᠠᠶ᠋ᠢᠭ᠃ ᠪᠢᠴᠢᠭ ᠢᠶᠠᠷ ᠮᠡᠳᠡᠭᠳᠡᠬᠦ ᠂ ᠲᠤᠬᠠᠢ ᠶᠢᠨ ᠬᠦᠮᠦᠨ ᠨᠢ ᠲᠤᠰᠬᠠᠢ ᠠᠰᠢᠭ ᠤᠨ ᠡᠷᠬᠡᠨ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠲᠤᠬᠠᠢ ᠯᠠᠪᠯᠠᠨ ᠠᠰᠠᠭᠤᠬᠤ ᠦᠶ᠎ᠡ ᠳᠤ ᠪᠢᠴᠢᠭ ᠢᠶᠠᠷ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠲᠠᠰᠤᠯᠤᠯᠲᠠ ᠶᠢ ᠰᠣᠩᠭᠤᠵᠤ ᠲᠤᠰᠬᠠᠢ ᠠᠰᠢᠭ ᠤᠨ ᠡᠷᠬᠡᠨ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠵᠦ ᠪᠣᠯᠬᠤ ᠶᠢ ᠮᠡᠳᠡᠭᠳᠡᠬᠦ ᠬᠡᠷᠡᠭᠲᠡᠢ ᠃ ᠠᠮᠠ ᠪᠠᠷ ᠮᠡᠳᠡᠭᠳᠡᠬᠦ ᠂ ᠲᠤᠬᠠᠢ ᠶᠢᠨ ᠬᠦᠮᠦᠨ ᠪᠢᠴᠢᠭ ᠢᠶᠠᠷ ᠮᠡᠳᠡᠭᠳᠡᠭᠰᠡᠨ‌ᠠᠭᠤᠯᠭ᠎ᠠ ᠶᠢ ᠲᠣᠳᠣᠷᠬᠠᠢ ᠣᠶᠢᠯᠠᠭᠠᠬᠤ ᠦᠭᠡᠢ ᠪᠣᠯ ᠲᠤᠬᠠᠢ ᠶᠢᠨ ᠬᠥᠮᠥᠨ ᠳᠤ ᠲᠠᠶᠢᠯᠪᠤᠷᠢᠯᠠᠵᠤ ᠥᠭᠬᠦ ᠬᠡᠷᠡᠭᠲᠡᠢ᠃ ᠵᠠᠷᠯᠠᠨ ᠮᠡᠳᠡᠭᠳᠡᠬᠦ ᠂ ᠰᠦᠯᠵᠢᠶᠡᠨ ᠥᠷᠲᠡᠭᠡ ᠪᠤᠶᠤ ᠣᠯᠠᠨ ᠨᠡᠶᠢᠲᠡ ᠶᠢᠨ ᠸᠢᠴᠠᠲ ᠲᠠᠪᠴᠠᠩ ᠳᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠣᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠲᠤᠰᠢᠶᠠᠬᠤ ᠮᠠᠲ᠋ᠧᠷᠢᠶᠠᠯ᠂ ᠭᠦᠢᠴᠡᠳᠭᠡᠬᠦ ᠴᠤᠪᠤᠷᠠᠯ᠂ ᠭᠦᠢᠴᠡᠳᠭᠡᠬᠦ ᠴᠠᠭ ᠤᠨ ᠬᠢᠵᠠᠭᠠᠷ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠨᠡᠶᠢᠲᠡᠯᠡᠵᠦ᠂ ᠣᠯᠠᠨ ᠲᠦᠮᠡᠨ ᠤ ᠪᠠᠶᠢᠴᠠᠭᠠᠨ ᠦᠵᠡᠬᠦ ᠳᠤ ᠲᠥᠬᠦᠮ ᠦᠵᠡᠭᠦᠯᠦᠨ᠎ᠡ᠃

    ᠮᠡᠳᠡᠭᠳᠡᠬᠦ ᠠᠭᠤᠯᠭ᠎ᠠ᠃ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠵᠢᠴᠢ ᠵᠠᠰᠠᠭ ᠵᠠᠬᠢᠷᠭᠠᠨ ᠤ ᠲᠠᠰᠤᠯᠤᠯᠲᠠ ᠶᠢ ᠭᠤᠶᠤᠴᠢᠯᠠᠬᠤ ᠬᠡᠷᠡᠭ ᠤᠨ ᠮᠠᠲ᠋ᠧᠷᠢᠶᠠᠯ ᠲᠤᠰᠢᠶᠠᠬᠤ ᠵᠡᠷᠭᠡ ᠪᠠᠭᠲᠠᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢ ᠭᠤᠶᠤᠴᠢᠯᠠᠬᠤ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ ᠳᠤ᠄ ᠭᠤᠶᠤᠴᠢᠯᠠᠭᠴᠢ ᠶᠢᠨ ᠭᠤᠤᠯ ᠴᠣᠭᠴᠠ ᠶᠢᠨ ᠬᠢᠷᠢ ᠭᠡᠮ ᠤᠨ ᠭᠡᠷᠡᠴᠢ᠂ ᠲᠣᠳᠣᠷᠬᠠᠶᠢᠯᠠᠭᠰᠠᠨ ᠭᠤᠶᠤᠴᠢᠯᠠᠭᠳᠠᠭᠴᠢ ᠶᠢᠨ ᠬᠠᠮᠢᠶ᠎ᠠ ᠪᠦᠬᠦᠢ ᠮᠠᠲ᠋ᠧᠷᠢᠶᠠᠯ᠂ ᠭᠤᠶᠤᠴᠢᠯᠠᠯ ᠤᠨ ᠪᠢᠴᠢᠭ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ᠂ ᠲᠤᠰᠬᠠᠶ ᠠᠰᠢᠭ ᠤᠨ ᠭᠡᠷᠡᠴᠢᠯᠡᠬᠦ ᠪᠢᠴᠢᠭ ᠮᠠᠲ᠋ᠧᠷᠢᠶᠠᠯ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢᠨ ᠬᠠᠮᠢᠶ᠎ᠠ ᠪᠦᠬᠦᠢ ᠭᠡᠷᠡᠴᠢ ᠪᠠᠷᠢᠮᠲᠠ ᠵᠡᠷᠭᠡ ᠪᠠᠭᠲᠠᠨ᠎ᠠ᠃ ᠡᠭᠦᠨ ᠤ ᠬᠠᠮᠲᠤ᠂ ᠮᠡᠳᠡᠭᠳᠡᠬᠦ ᠲᠦᠷᠢᠮ ᠳᠤ ᠪᠥᠬᠦ ᠣᠷᠣᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠨ ᠨᠠᠷᠢᠨ ᠲᠣᠳᠣᠷᠬᠠᠶ ᠬᠠᠶ᠋ᠢᠭ ᠵᠢᠴᠢ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠵᠤ ᠂ ᠲᠤᠰᠬᠠᠶ ᠠᠰᠢᠭ ᠤᠨ ᠡᠷᠬᠡᠲᠦ ᠬᠥᠮᠦᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠠᠪᠤᠷᠠᠨ ᠲᠤᠰᠠᠯᠠᠬᠤ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃

    ᠵᠠᠰᠠᠭ ᠵᠠᠬᠢᠷᠭᠠᠨ ᠤ ᠲᠠᠰᠤᠯᠤᠯᠲᠠ  ᠨᠢ ᠣᠯᠠᠨ ᠡᠰᠢᠵᠢᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠴᠢᠬᠤᠯᠠ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠦᠷ᠎ᠡ ᠪᠦᠲᠦᠮᠵᠢ ᠪᠠᠷ ᠥᠨᠳᠥᠷ᠂ ᠥᠪᠡᠷ ᠤᠨ ᠥᠷᠲᠡᠭ ᠨᠢ ᠳᠣᠣᠷ᠎ᠠ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠳᠡᠰ ᠳᠠᠷᠠᠭᠠᠯᠠᠯ ᠨᠢ ᠳᠥᠭᠦᠮ ᠳᠥᠲᠡ ᠵᠡᠷᠭᠡ ᠳᠠᠪᠠᠭᠤᠯᠢᠭ ᠪᠠᠶᠢᠵᠤ᠂ ᠵᠢᠭᠤᠷᠠᠯᠳᠤᠭᠠᠨ ᠢ ᠲᠦᠷᠭᠡᠨ ᠰᠢᠢᠳᠪᠦᠷᠢᠯᠡᠬᠦ ᠶᠢ ᠠᠬᠢᠭᠤᠯᠬᠤ ᠳᠤ ᠠᠰᠢᠭᠲᠠᠶ ᠶᠤᠮ᠃ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠱᠠᠲᠤᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠣᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠬᠠᠮᠵᠢᠯᠴᠠᠨ ᠠᠬᠢᠭᠤᠯᠬᠤ ᠳᠤ ᠰᠠᠭᠤᠷᠢ ᠲᠠᠯᠪᠢᠨ᠎ᠠ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠭᠠᠵᠠᠷ