ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠬᠠᠶ ᠶᠢᠨ ᠲᠠᠯᠠᠪᠤᠷ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠬᠦᠴᠢᠷ ᠲᠦᠪᠡᠭᠲᠡᠶ ᠠᠰᠠᠭᠤᠳᠠᠯ ᠢ ᠵᠢᠯᠣᠭᠤᠳᠤᠨ ᠰᠢᠢᠳᠪᠦᠷᠢᠯᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/7/30

    ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠢᠯᠡᠳᠬᠦᠨ ᠤ ᠶᠠᠰᠤ ᠴᠢᠨᠠᠷ ᠤᠨ ᠳᠠᠯᠳᠠ ᠬᠡᠮ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠬᠠᠳᠠ ᠬᠤᠲᠠ ᠳᠤ ᠭᠦᠨᠵᠡᠭᠡᠶᠢᠷᠡᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢᠨ ᠪᠠᠶᠢᠴᠠᠭᠠᠬᠤ ᠴᠡᠭ ᠶᠣᠰᠣᠭᠠᠷ᠂ ᠪᠣᠷᠣᠯᠠᠭᠤᠯᠬᠤ ᠨᠢᠭᠡᠴᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠵᠤᠷᠪᠤᠰ ᠳᠠᠷᠠᠭᠠᠯᠠᠨ ᠤᠬᠠᠭᠤᠯᠤᠨ ᠲᠤᠭᠤᠰᠢᠯᠠᠭᠤᠯᠵᠤ ᠨᠠᠶᠢᠳᠠᠪᠤᠷᠢᠵᠢᠭᠤᠯᠪᠠ᠃


1.png


2.png


3.png


4.png


5.png


    ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠ ᠪᠣᠯᠪᠠᠰᠤᠷᠠᠯ ᠵᠢᠯᠣᠭᠤᠳᠣᠯᠭ᠎ᠠ ᠶᠢ ᠬᠠᠷᠢᠯᠴᠠᠨ ᠤᠶᠠᠯᠳᠤᠭᠤᠯᠵᠤ᠂ ᠪᠣᠷᠣᠯᠠᠭᠤᠯᠬᠤ ᠨᠢᠭᠡᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠵᠤ ᠬᠠᠮᠢᠶᠠᠷᠤᠨ ᠡᠵᠡᠮᠳᠡᠬᠦ᠂ ᠪᠣᠷᠣᠯᠠᠭᠤᠯᠬᠤ ᠡᠬᠡ ᠲᠠᠩᠰᠠ ᠵᠡᠷᠭᠡ ᠶᠢ ᠪᠠᠶᠢᠴᠠᠭᠠᠬᠤ ᠳᠤ ᠪᠠᠨ ᠲᠡᠭᠦᠨ ᠢ ᠬᠠᠪᠰᠤᠷᠤᠨ ᠶᠠᠰᠤ ᠴᠢᠨᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢᠨ ᠠᠭᠤᠯᠭ᠎ᠠ ᠶᠢ ᠵᠦᠢᠯ ᠳᠠᠷᠠᠭᠠᠯᠠᠨ ᠡᠮᠬᠢᠯᠡᠬᠦ ᠶᠢᠨ ᠬᠠᠮᠲᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠤ ᠮᠠᠳᠠᠭ ᠲᠠᠢ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠲᠡᠭᠦᠨ ᠳᠤ ᠲᠤᠯᠭᠠᠷᠠᠭᠰᠠᠨ ᠵᠠᠷᠢᠮ ᠢᠯᠭᠠᠬᠤ ᠳᠤ ᠪᠡᠷᠬᠡ ᠠᠰᠠᠭᠤᠳᠠᠯ ᠳᠤ ᠵᠠᠳᠠᠯᠤᠯᠲᠠ ᠬᠢᠵᠦ᠂ ᠲᠡᠳᠡᠨ ᠢ ᠬᠠᠪᠰᠤᠷᠤᠨ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢᠨ ᠳᠠᠯᠳᠠ ᠬᠡᠮ ᠢ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠴᠢᠳᠠᠪᠤᠷᠢ ᠪᠠ ᠬᠠᠮᠢᠶᠠᠷᠤᠯᠲᠠ ᠶᠢᠨ ᠲᠦᠪᠰᠢᠨ ᠢ ᠨᠢ ᠳᠡᠭᠡᠭᠰᠢᠯᠡᠭᠦᠯᠪᠡ᠃ ᠲᠣᠰ ᠤᠳᠠᠭᠠᠨ ᠤ ᠪᠠᠶᠢᠴᠠᠭᠠᠯᠲᠠ ᠪᠠᠷ ᠬᠡᠷᠡᠭᠯᠡᠯᠲᠡ ᠶᠢ ᠠᠬᠢᠭᠤᠯᠵᠤ᠂ ᠭᠤᠭᠴᠤᠭ᠎ᠠ ᠳᠠᠷᠠᠭᠠᠯᠠᠨ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠵᠤ᠂ ᠲᠡᠳᠡᠨ ᠢ ᠵᠢᠯᠣᠭᠤᠳᠤᠨ ᠶᠠᠰᠤ ᠴᠢᠨᠠᠷ ᠤᠨ ᠬᠠᠮᠢᠶᠠᠷᠤᠯᠲᠠ ᠶᠢᠨ ᠳᠤᠲᠠᠭᠳᠠᠯ ᠢ ᠨᠥᠬᠦᠪᠥᠷᠢᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠳᠤ ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ ᠶᠢᠨ ᠭᠤᠤᠯᠳᠠᠯᠭ᠎ᠠ ᠶᠢ ᠨᠠᠩ ᠰᠠᠶᠢᠲᠤᠷ ᠡᠵᠡᠮᠰᠢᠭᠦᠯᠵᠦ᠂ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠨᠢ ᠨᠡᠮᠡᠭᠳᠡᠭᠦᠯᠪᠡ᠃

    ᠪᠠᠶᠢᠴᠠᠭᠠᠬᠤ ᠬᠤᠭᠤᠴᠠᠭᠠᠨ ᠳᠤ ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ 2600 ᠭᠠᠷᠤᠶ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠵᠣᠬᠢᠶᠠᠨ ᠪᠠᠶᠢᠭᠤᠯᠤᠨ ᠸᠢᠳᠢᠤ᠋ ᠪᠣᠯᠪᠠᠰᠤᠷᠠᠯ ᠬᠢᠵᠦ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠳᠠᠩᠰᠠ ᠳᠤ ᠵᠤᠷᠪᠤᠰ ᠳᠠᠷᠠᠭᠠᠯᠠᠨ ᠲᠠᠶᠢᠯᠤᠮᠵᠢ ᠬᠢᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠲᠠᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠪᠠᠶᠢᠴᠠᠭᠠᠬᠤ ᠪᠠᠷ ᠰᠤᠷᠭᠠᠬᠤ ᠶᠢ ᠣᠷᠣᠯᠠᠭᠤᠯᠤᠨ ᠂ ᠪᠠᠶᠢᠴᠠᠭᠠᠬᠤ ᠪᠠᠷ ᠬᠡᠷᠡᠭᠯᠡᠬᠦ ᠶᠢ ᠠᠬᠢᠭᠤᠯᠵᠤ ᠪᠣᠳᠠᠲᠠᠶ ᠦᠷ᠎ᠡ ᠪᠦᠲᠦᠮᠵᠢ ᠤᠯᠪᠠ᠃

 

ᠢᠷᠡᠯᠲᠡ᠄ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ