ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠴᠢᠨᠠᠷ︾ ᠢᠶᠠᠷ ᠲᠡᠷᠢᠭᠦᠨ ᠴᠢᠬᠤᠯᠠ ᠶᠠᠰᠤ ᠴᠢᠨᠠᠷ ᠤᠨ ᠬᠥᠭᠵᠢᠯᠲᠡ ᠶᠢᠨ ︽ᠦᠢᠯᠡᠴᠢᠯᠡᠭᠴᠢ︾ ᠪᠣᠯᠭᠠᠪᠠ
ᠨᠡᠶᠢᠲᠡᠯᠡᠭᠰᠡᠨ ᠴᠠᠭ᠄
2024/7/30

    ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠤᠨ ᠲᠣᠭᠤᠷᠢᠨ ᠳᠤ᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠲᠣᠰ ᠭᠠᠵᠠᠷ ᠣᠷᠣᠨ ᠤ ᠠᠵᠤ ᠠᠬᠤᠶᠢᠯᠠᠯ᠂ ᠠᠵᠤ ᠦᠢᠯᠡᠰ ᠪᠠ ᠰᠢᠶᠠᠨ ᠤ ᠬᠡᠪᠴᠢᠶᠡᠨ ᠤ ᠬᠥᠭᠵᠢᠯᠲᠡ ᠶᠢᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠲᠤ ᠰᠠᠭᠤᠷᠢᠯᠠᠨ᠂ ᠠᠵᠤ ᠠᠬᠤᠶᠢᠯᠠᠯ ᠤᠨ ᠶᠠᠰᠤ ᠴᠢᠨᠠᠷ ᠤᠨ ᠬᠥᠭᠵᠢᠯᠲᠡ ᠪᠠ ᠦᠢᠯᠡᠳᠬᠦᠨ ᠤ ᠶᠠᠰᠤ ᠴᠢᠨᠠᠷ ᠤᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠭᠤᠤᠯ ᠠᠵᠢᠯ ᠢ ᠴᠢᠩᠭ᠎ᠠ ᠠᠳᠬᠤᠵᠤ᠂ ᠰᠢᠰᠲ᠋ᠧᠮᠲᠦ ᠰᠡᠳᠬᠢᠬᠦᠶ ᠪᠠᠨ ᠴᠢᠩᠭᠠᠷᠠᠭᠤᠯᠤᠨ᠂ ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠶᠠᠰᠤ ᠴᠢᠨᠠᠷ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ᠂ ᠬᠡᠯᠬᠢᠶᠡᠵᠢᠯ᠂ ᠰᠢᠶᠠᠨ ᠤ ᠪᠠᠶᠢᠳᠠᠯ ᠳᠤ ᠨᠢ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠠᠵᠤ ᠦᠢᠯᠡᠰ ᠤᠨ ᠬᠡᠯᠬᠢᠶᠡᠰᠦ ᠶᠢ ᠬᠦᠴᠦᠷᠬᠡᠭᠵᠢᠭᠦᠯᠬᠦ᠂ ᠰᠢᠶᠠᠨ ᠤ ᠬᠡᠪᠴᠢᠶᠡᠨ ᠤ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠪᠥᠬᠦ ᠬᠤᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠳᠤ ᠶᠠᠰᠤ ᠴᠢᠨᠠᠷ ᠤᠨ ᠲᠤᠯᠭᠠᠭᠤᠷᠢᠯᠠᠯ ᠬᠠᠩᠭᠠᠪᠠ᠃

    ᠨᠢᠭᠡ ᠳᠤ᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠬᠡᠪ ᠵᠠᠭᠪᠤᠷ ᠢ ᠪᠠᠶᠢᠭᠤᠯᠵᠤ᠂ ᠶᠠᠰᠤ ᠴᠢᠨᠠᠷ ᠮᠡᠷᠭᠡᠵᠢᠯ ᠤᠨ ᠡᠬᠢ ᠪᠠᠶᠠᠯᠢᠭ ᠤᠨ ᠲᠥᠪᠯᠡᠷᠡᠯ ᠢ ᠠᠬᠢᠭᠤᠯᠪᠠ᠃ ᠣᠷᠣᠨ ᠪᠦᠰᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ︽ᠬᠥᠬᠡᠬᠤᠲᠠ ᠶᠢᠨ ᠪᠠᠶᠢᠴᠠᠭᠠᠬᠤ ᠨᠡᠪᠳᠡᠷᠡᠬᠦ︾ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠤᠭᠤᠲᠤ ᠬᠤᠲᠠ ᠶᠢᠨ ︽ᠪᠤᠭᠤᠲᠤ ᠶᠢᠨ ᠪᠠᠶᠢᠴᠠᠭᠠᠬᠤ ᠵᠠᠮ ︾ ᠲᠠᠪᠴᠠᠩ ᠤᠨ ᠳᠠᠷᠠᠭᠠᠬᠢ ᠪᠥᠬᠦ ᠣᠷᠣᠨ ᠤ ᠬᠤᠶᠠᠳᠤᠭᠠᠷ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠲᠠᠪᠴᠠᠩ ᠪᠣᠯᠪᠠ᠃ ᠪᠥᠬᠦ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ ᠤᠨ ᠨᠢᠭᠡᠳᠦᠯᠲᠡᠶ ᠪᠠᠷᠢᠮᠵᠢᠶ᠎ᠠ ᠪᠠᠷ ᠫᠠᠶᠢᠰᠠ ᠡᠯᠭᠦᠨ ︽ᠨᠢᠭᠡ ᠥᠷᠲᠡᠭᠡᠨ ᠤ ᠮᠠᠶ᠋ᠢᠭ︾ ᠤᠨ ᠰᠦᠯᠵᠢᠶᠡᠨ ᠭᠠᠳᠠᠨᠠᠬᠢ ᠪᠣᠳᠠᠲᠤ ᠴᠣᠭᠴᠠ ᠶᠢᠨ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠨᠢᠭᠡᠳᠦᠯᠲᠡᠶ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤᠪᠴᠢ ᠶᠢᠨ ᠲᠦᠷᠢᠮ ᠪᠠ ᠵᠢᠷᠤᠮᠵᠢᠭᠰᠠᠨ ᠦᠢᠯᠡᠴᠢᠯᠡᠭᠡᠨ ᠤ ᠶᠠᠪᠤᠴᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︿ᠨᠢᠭᠡ ᠥᠷᠲᠡᠭᠡᠨ ᠤ ᠮᠠᠶ᠋ᠢᠭ﹀ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠣᠩᠬᠤᠪᠴᠢ︾ ᠶᠢ ᠬᠦᠷᠲᠡᠪᠡ᠃ ᠡᠭᠦᠨ ᠤ ᠬᠠᠮᠲᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠲᠤᠰᠬᠠᠶ ᠮᠡᠷᠭᠡᠵᠢᠯᠲᠡᠨ 36 ᠬᠥᠮᠦᠨ ᠢ ᠢᠯᠡ ᠪᠠᠷ ᠴᠤᠭᠯᠠᠭᠤᠯᠵᠤ᠂ ᠪᠥᠬᠦ ᠬᠤᠲᠠ ᠶᠢᠨ ᠥᠷᠭᠡᠨ ᠣᠯᠠᠨ ᠳᠤᠮᠳᠠ ᠵᠢᠵᠢᠭ ᠠᠵᠤ ᠠᠬᠤᠶᠢᠯᠠᠯ ᠳᠤ ᠲᠦᠷᠭᠡᠨ ᠪᠥᠭᠡᠳ ᠳᠥᠭᠦᠮ ᠳᠥᠲᠡ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠥᠴᠦᠬᠡᠨ ᠴᠦ ᠵᠠᠢ ᠦᠭᠡᠢ ᠦᠢᠯᠡᠴᠢᠯᠡᠭᠡ ᠬᠠᠩᠭᠠᠪᠠ᠃ ᠬᠤᠶᠠᠷ ᠵᠢᠯ ᠬᠠᠭᠠᠰ ᠤᠨ ᠬᠤᠭᠤᠴᠠᠭᠠᠨ ᠳᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ  ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠨᠡᠶᠢᠲᠡ 7524 ᠠᠵᠤ ᠠᠬᠤᠶᠢᠯᠠᠯ ᠳᠤ ᠦᠢᠯᠡᠴᠢᠯᠡᠵᠦ᠂ 356.24 ᠲᠦᠮᠡᠨ ᠲᠥᠭᠦᠷᠢᠭ ᠤᠨ ᠵᠠᠷᠤᠳᠠᠯ ᠢ ᠬᠠᠰᠤᠵᠤ ᠬᠡᠯᠲᠦᠷᠢᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ 6875 ᠬᠤᠪᠢ ᠰᠢᠢᠳᠪᠦᠷᠢᠯᠡᠵᠦ᠂ ᠠᠵᠤ ᠠᠬᠤᠶᠢᠯᠠᠯ ᠳᠤ 156.46 ᠲᠦᠮᠡᠨ ᠲᠥᠭᠦᠷᠢᠭ ᠤᠨ ᠵᠠᠷᠤᠳᠠᠯ ᠢ ᠠᠷᠪᠢᠯᠠᠵᠤ ᠥᠭᠪᠡ᠃

    ᠬᠤᠶᠠᠷ ᠲᠤ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠣᠨᠣᠯᠵᠢᠬᠤᠨ ᠢ ᠪᠤᠢ ᠪᠣᠯᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠬᠤᠲᠠ ᠶᠢᠨ ᠣᠷᠣᠨ ᠨᠤᠲᠤᠭ ᠤᠨ ᠣᠨᠴᠠᠯᠢᠭᠲᠤ ᠳᠠᠪᠠᠭᠤᠯᠢᠭ ᠠᠵᠤ ᠦᠢᠯᠡᠰ ᠲᠤ ᠴᠢᠭᠯᠡᠭᠦᠯᠦᠨ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠳᠤ 2 — 5 ᠠᠵᠤ ᠠᠬᠤᠶᠢᠯᠠᠯ ᠢ ᠰᠣᠩᠭᠤᠨ ᠦᠢᠯᠡᠴᠢᠯᠡᠭᠡᠨ ᠤ ᠠᠵᠤ ᠠᠬᠤᠶᠢᠯᠠᠯ ᠤᠨ ᠨᠡᠷᠡᠰ ᠲᠤ ᠵᠢᠭᠰᠠᠭᠠᠨ ᠣᠷᠣᠭᠤᠯᠵᠤ᠂ ᠮᠡᠷᠭᠡᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠬᠦ᠂ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ᠂ ᠦᠨᠳᠦᠰᠦᠨ ᠪᠠᠶᠢᠳᠠᠯ ᠢ ᠰᠤᠳᠤᠯᠤᠨ ᠡᠮᠬᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ 46 ᠦᠢᠯᠡᠴᠢᠯᠡᠭᠡᠨ ᠤ ᠡᠲᠡᠭᠡᠳ ᠤᠨ ᠠᠵᠤ ᠠᠬᠤᠶᠢᠯᠠᠯ ᠢ ᠲᠣᠭᠲᠠᠭᠠᠪᠠ︔ ᠬᠦᠴᠦᠨ ᠢᠶᠠᠨ ᠲᠥᠪᠯᠡᠷᠡᠭᠦᠯᠦᠨ ᠶᠠᠰᠤ ᠴᠢᠨᠠᠷ ᠤᠨ ᠵᠢᠯᠣᠭᠤᠳᠬᠤ ᠠᠵᠢᠯ ᠢ ᠥᠷᠨᠢᠭᠦᠯᠵᠦ᠂ ᠰᠢᠯᠭᠠᠷᠠᠭᠰᠠᠨ ᠠᠮᠵᠢᠯᠲᠠ ᠪᠦᠲᠦᠮᠵᠢ ᠶᠢᠨ ᠦᠨᠡᠯᠡᠯᠲᠡ᠂ ISO9001 ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠵᠡᠷᠭᠡ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠤᠬᠠᠭᠤᠯᠤᠨ ᠳᠡᠯᠭᠡᠷᠡᠭᠦᠯᠵᠦ᠂ ᠨᠥᠬᠦᠴᠡᠯ ᠪᠦᠷᠢᠯᠳᠦᠭᠦᠯᠦᠭᠰᠡᠨ ᠭᠡᠷᠡᠴᠢᠯᠡᠭᠡ ᠥᠬᠡᠶ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ︽ᠳᠤᠮᠳᠠ ᠵᠢᠵᠢᠭ ᠠᠵᠤ ᠠᠬᠤᠶᠢᠯᠠᠯ ᠤᠨ ᠭᠠᠷᠮᠠᠭᠠᠶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠪᠠᠷᠢᠮᠵᠢᠶ᠎ᠠ︾ ᠶᠢᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠳᠤᠮᠳᠠ ᠵᠢᠵᠢᠭ ᠠᠵᠤ ᠠᠬᠤᠶᠢᠯᠠᠯ ᠤᠨ ᠭᠠᠷᠮᠠᠭᠠᠶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ︾ ᠶᠢ ᠪᠡᠶᠡᠯᠡᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠪᠠ︔ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠲᠦᠷᠢᠮ ᠢ ᠶᠡᠭᠡ ᠪᠠᠷ ᠠᠬᠢᠭᠤᠯᠵᠤ᠂ ᠨᠥᠬᠦᠴᠡᠯ ᠲᠠᠢ ᠳᠤᠮᠳᠠ ᠵᠢᠵᠢᠭ ᠠᠵᠤ ᠠᠬᠤᠶᠢᠯᠠᠯ ᠤᠨ ᠲᠡᠷᠢᠭᠦᠨ ᠤ ᠶᠠᠰᠤ ᠴᠢᠨᠠᠷ ᠤᠨ ᠠᠯᠪᠠᠨ ᠤ ᠠᠵᠢᠯ ᠤᠨ ᠪᠠᠶᠢᠷᠢ ᠳᠣᠭᠢᠷᠠᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠨᠠᠷᠠᠲᠤ ᠲᠥᠷᠥᠯ ᠲᠡᠮᠳᠡᠭᠲᠦ ᠶᠢᠨ ᠳᠣᠲᠣᠭᠠᠳᠤ ᠬᠥᠳᠡᠯᠭᠡᠬᠦ ᠬᠦᠴᠦᠨ ᠢ ᠪᠣᠶ ᠪᠣᠯᠭᠠᠪᠠ᠃ ᠣᠳᠣᠬᠠᠨ ᠳᠤ ᠨᠢᠭᠡᠨᠲᠡ 96 ᠠᠵᠤ ᠠᠬᠤᠶᠢᠯᠠᠯ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠲᠦᠷᠢᠮ ᠢ ᠬᠡᠷᠡᠭᠵᠢᠭᠦᠯᠵᠦ᠂ 26 ᠠᠵᠤ ᠠᠬᠤᠶᠢᠯᠠᠯ ᠤᠨ ᠵᠢᠯ ᠤᠨ ᠠᠰᠢᠭ ᠬᠤᠨᠵᠢᠪᠤᠷᠢ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3602.67 ᠲᠦᠮᠡᠨ ᠲᠥᠭᠦᠷᠢᠭ ᠨᠡᠮᠡᠭᠳᠡᠪᠡ᠃

    ᠭᠤᠷᠪᠠ ᠳᠤ᠂ ᠶᠠᠰᠤ ᠴᠢᠨᠠᠷ ᠤᠨ ᠮᠡᠷᠭᠡᠵᠢᠯ ᠤᠨ ᠬᠦᠴᠦᠨ ᠢ ᠨᠢᠭᠲᠠᠷᠠᠭᠤᠯᠵᠤ᠂ ᠶᠠᠰᠤ ᠴᠢᠨᠠᠷ ᠤᠨ ᠮᠡᠷᠭᠡᠵᠢᠯ ᠤᠨ ︽ᠳᠤᠰᠤᠯᠭᠠᠨ ᠤᠰᠤᠯᠠᠬᠤ ᠮᠠᠶ᠋ᠢᠭ︾ ᠤᠨ ᠦᠢᠯᠡᠴᠢᠯᠡᠭᠡ ᠶᠢ ᠥᠷᠨᠢᠭᠦᠯᠪᠡ᠃ ᠵᠢᠯ ᠪᠦᠷᠢ ᠨᠢᠭᠡ ᠳᠠᠪᠠᠭᠤᠯᠢᠭ ᠤᠨᠴᠠᠯᠢᠭᠳᠤ ᠬᠦᠷᠢᠶ᠎ᠡ ᠴᠠᠷᠠᠭ᠎ᠠ ᠳᠤ ᠨᠡᠯᠢᠶᠡᠳ ᠰᠠᠶᠢᠨ ᠬᠥᠭᠵᠢᠯᠲᠡ ᠶᠢᠨ ᠢᠷᠡᠭᠡᠳᠦᠶ ᠲᠠᠢ ᠠᠵᠤ ᠠᠬᠤᠶᠢᠯᠠᠯ ᠢ ᠠᠵᠢᠯ ᠤᠨ ᠡᠲᠡᠭᠡᠳ ᠪᠣᠯᠭᠠᠵᠤ᠂ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠦᠴᠦᠨ ᠢ ᠬᠤᠷᠠᠮᠳᠤᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ ᠣᠨᠣᠪᠴᠢᠲᠠᠢ ᠪᠠᠷ ᠵᠣᠯᠭᠠᠭᠤᠯᠵᠤ᠂ ︽ᠨᠢᠭᠡ ᠳᠤ ᠨᠢᠭᠡ︾ ᠶᠢᠨ ᠬᠠᠪᠰᠤᠷᠤᠨ ᠲᠡᠳᠬᠦᠬᠦ ᠬᠡᠪ ᠵᠠᠭᠪᠤᠷ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠵᠦ ᠥᠭᠭᠦᠨ᠎ᠡ᠃ ᠣᠳᠣᠬᠠᠨ ᠳᠤ᠂ ᠥᠪᠥᠷ ᠮᠣᠩᠭᠤᠯ ᠤᠨ ᠲᠠᠲᠠᠮᠠᠯ ᠲᠣᠪᠴᠢᠯᠠᠭᠤᠷ ᠬᠡᠯᠪᠡᠷᠢ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠮᠠᠰᠢᠨ ᠲᠡᠷᠭᠡᠨ ᠤ ᠰᠤᠳᠤᠯᠭᠠᠨ ᠤ ᠮᠠᠰᠢᠨ ᠲᠡᠷᠭᠡᠨ ᠤ ᠰᠢᠯᠭᠠᠨ ᠪᠠᠶᠢᠴᠠᠭᠠᠬᠤ ᠲᠥᠪ ︵ᠬᠥᠯᠥᠨ ᠪᠤᠶᠢᠷ︶ ᠤᠨ ᠬᠢᠵᠠᠭᠠᠷᠲᠤ ᠺᠣᠮᠫᠠᠨᠢ᠂ ᠶᠠᠭᠰᠢ ᠶᠢᠨ ᠬᠤᠲᠠ ᠶᠢᠨ ᠰᠧᠨ ᠹᠧᠩ ᠲᠥᠮᠥᠰᠥ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 3 ᠠᠵᠤ ᠠᠬᠤᠶᠢᠯᠠᠯ ᠢ ᠰᠣᠩᠭᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠢ ᠲᠣᠭᠲᠠᠭᠠᠪᠠ︔ ᠪᠠᠷᠢᠮᠵᠢᠶᠠᠵᠢᠭᠤᠯᠤᠭᠰᠠᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠮᠠᠰᠢᠨ ᠲᠡᠷᠭᠡᠨ ᠤ ᠰᠤᠳᠤᠯᠭᠠᠨ ᠤ ᠮᠠᠰᠢᠨ ᠲᠡᠷᠭᠡᠨ ᠤ ᠰᠢᠯᠭᠠᠨ ᠪᠠᠶᠢᠴᠠᠭᠠᠬᠤ ᠲᠥᠪ ᠢ ᠬᠠᠮᠵᠢᠨ ︽ᠬᠠᠬᠢᠷ ᠬᠦᠢᠲᠡᠨ ᠭᠠᠵᠠᠷ ᠣᠷᠣᠨ ᠤ ᠮᠠᠰᠢᠨ ᠲᠡᠷᠭᠡᠨ ᠤ ᠲᠤᠷᠰᠢᠯᠲᠠ ᠶᠢᠨ ᠲᠠᠯᠠᠪᠤᠷ ᠤᠨ ᠮᠡᠷᠭᠡᠵᠢᠯ ᠤᠨ ᠱᠠᠭᠠᠷᠳᠠᠯᠭ᠎ᠠ︾ ᠶᠢᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠵᠤ᠂ ᠲᠠᠲᠠᠮᠠᠯ ᠲᠣᠪᠴᠢᠯᠠᠭᠤᠷ ᠬᠡᠯᠪᠡᠷᠢ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠲᠤᠭᠤᠷᠪᠢᠵᠤ ᠳᠠᠭᠤᠰᠬᠠᠭᠰᠠᠨ ᠠᠵᠤ ᠠᠬᠤᠶᠢᠯᠠᠯ ᠤᠨ ᠪᠠᠷᠢᠮᠵᠢᠶ᠎ᠠ 1 ᠵᠦᠢᠯ᠂ ᠣᠷᠣᠨ ᠨᠤᠲᠤᠭ ᠤᠨ ᠪᠠᠷᠢᠮᠵᠢᠶ᠎ᠠ 4 ᠵᠦᠢᠯ᠂ ᠪᠦᠯᠬᠦᠮ ᠨᠡᠶᠢᠲᠡ ᠶᠢᠨ ᠪᠠᠷᠢᠮᠵᠢᠶ᠎ᠠ 3 ᠵᠦᠢᠯ ᠢ ᠬᠠᠮᠵᠢᠨ ᠲᠣᠭᠲᠠᠭᠠᠪᠠ᠂ ᠡᠭᠦᠨ ᠳᠤ ︽ᠲᠠᠲᠠᠮᠠᠯ ᠲᠣᠪᠴᠢᠯᠠᠭᠤᠷ ᠬᠡᠯᠪᠡᠷᠢ ᠶᠢᠨ ᠬᠡᠷᠡᠮ ᠤᠨ ᠬᠠᠪᠲᠠᠰᠤ ᠶᠢᠨ ᠬᠡᠷᠡᠭᠯᠡᠭᠡᠨ ᠤ ᠮᠡᠷᠭᠡᠵᠢᠯ ᠤᠨ ᠳᠦᠷᠢᠮ︾ ᠪᠠ ︽ᠲᠠᠲᠠᠮᠠᠯ ᠲᠣᠪᠴᠢᠯᠠᠭᠤᠷ ᠬᠡᠯᠪᠡᠷᠢ ᠶᠢᠨ ᠬᠡᠷᠡᠮ ᠤᠨ ᠬᠠᠪᠲᠠᠰᠤᠨ ᠪᠠᠷᠢᠯᠭ᠎ᠠ ᠶᠢᠨ ᠵᠣᠬᠢᠴᠠᠮᠵᠢ ᠶᠢᠨ ᠵᠢᠷᠤᠭ ᠤᠨ ᠲᠡᠭᠦᠪᠦᠷᠢ︾ 2 ᠣᠷᠣᠨ ᠨᠤᠲᠤᠭ ᠤᠨ ᠪᠠᠷᠢᠮᠵᠢᠶ᠎ᠠ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠶᠠᠷ ᠳᠠᠮᠵᠢᠭᠤᠯᠤᠨ ᠨᠡᠶᠢᠲᠡᠯᠡᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠶᠢᠯᠡᠰᠵᠢᠭᠰᠡᠨ ᠦᠢᠯᠡᠳᠪᠦᠷᠢᠯᠡᠯ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠪᠡ᠃

    ᠳᠥᠷᠪᠡ ᠳᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠰᠤ ᠴᠢᠨᠠᠷ ᠢ ᠴᠢᠩᠭᠠᠳᠬᠠᠵᠤ᠂ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠳᠡᠰ ᠳᠡᠪᠰᠢᠭᠰᠡᠨ ᠬᠡᠪ ᠢ ᠪᠣᠶ ᠪᠣᠯᠭᠠᠪᠠ᠃ ᠨᠢᠭᠡ ᠪᠦᠯᠦᠭ ᠠᠵᠤ ᠠᠬᠤᠶᠢᠯᠠᠯ᠂ ᠨᠢᠭᠡ ᠲᠤᠯᠭᠠᠭᠤᠷᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠬᠡᠯᠬᠢᠶᠡᠨ ᠤ ᠰᠡᠳᠬᠢᠬᠦᠢ ᠪᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ︽ᠬᠤᠶᠠᠷ ᠵᠢᠷᠤᠭ᠂ ᠭᠤᠷᠪᠠᠨ ᠨᠠᠷᠢᠨ ᠲᠠᠩᠰᠠ︾ ᠶᠢᠨ ᠠᠵᠢᠯ ᠤᠨ ᠬᠡᠪ ᠵᠠᠭᠪᠤᠷ ᠢ ᠡᠭᠦᠳᠴᠦ᠂ ︽ᠬᠥᠯᠥᠨ ᠪᠤᠶᠢᠷ ᠬᠤᠳᠠ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ︾ ᠢ ᠭᠤᠣᠯᠯᠠᠬᠤ ᠠᠵᠤ ᠦᠢᠯᠡᠰ ᠪᠣᠯᠭᠠᠵᠤ᠂ ︽ᠬᠥᠯᠥᠨ ᠪᠤᠶᠢᠷ ᠬᠤᠳᠠ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠦᠨᠳᠦᠰᠦᠨ ᠪᠠᠶᠢᠳᠠᠯ ᠪᠣᠯᠤᠨ ᠶᠠᠰᠤ ᠴᠢᠨᠠᠷ ᠤᠨ ᠠᠰᠠᠭᠤᠳᠠᠯ ᠢ ᠵᠠᠳᠠᠯᠤᠭᠰᠠᠨ ᠮᠡᠳᠡᠭᠦᠯᠦᠯᠲᠡ︾ ᠶᠢ ᠪᠡᠶᠡᠯᠡᠭᠦᠯᠵᠦ᠂ ᠶᠠᠰᠤ ᠴᠢᠨᠠᠷ ᠤᠨ ᠵᠢᠷᠤᠭ ᠲᠥᠯᠦᠪᠯᠡᠭᠡ ᠶᠢ ᠵᠢᠷᠤᠵᠤ᠂ ᠶᠠᠰᠤ ᠴᠢᠨᠠᠷ ᠢ ᠠᠵᠤ ᠦᠢᠯᠡᠰ ᠤᠨ ᠶᠠᠰᠤ ᠴᠢᠨᠠᠷ ᠤᠨ ᠬᠥᠭᠵᠢᠯᠲᠡ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃ ᠡᠭᠦᠨ ᠤ ᠬᠠᠮᠲᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ 23 ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠣᠷᠣᠨ ᠨᠤᠲᠤᠭ ᠤᠨ ᠣᠲᠣ ᠶᠢᠨ ᠪᠠᠶᠢᠭ᠎ᠠ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠡᠪ ᠵᠠᠭᠪᠤᠷ ᠤᠨ ᠰᠢᠨ᠎ᠡ ᠶᠢ ᠡᠭᠦᠳᠬᠦ᠂ ᠶᠠᠰᠤ ᠴᠢᠨᠠᠷ ᠤᠨ ᠲᠦᠷᠦᠭᠦᠦ ᠲᠤᠰᠢᠶᠠᠯᠲᠠᠨ ᠢ ᠪᠣᠯᠪᠠᠰᠤᠷᠠᠭᠤᠯᠬᠤ᠂ ᠠᠵᠤ ᠠᠬᠤᠶᠢᠯᠠᠯ ᠤᠨ ᠶᠠᠰᠤ ᠴᠢᠨᠠᠷ ᠤᠨ ᠰᠣᠶᠣᠯ ᠢ ᠡᠭᠦᠳᠦᠨ ᠪᠠᠶᠢᠭᠤᠯᠬᠤ ᠶᠢ ᠥᠷᠨᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠮᠡᠷᠭᠡᠵᠢᠯ ᠢ ᠰᠢᠨᠡᠳᠬᠡᠬᠦ᠂ ᠡᠬᠢ ᠪᠠᠶᠠᠯᠢᠭ ᠢ ᠬᠠᠮᠲᠤ ᠪᠠᠷ ᠬᠦᠷᠲᠡᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠳᠤ ᠴᠢᠳᠠᠪᠤᠷᠢᠲᠠᠨ ᠤ ᠳᠡᠮᠵᠢᠯᠭᠡ ᠬᠠᠩᠭᠠᠪᠠ᠃ ᠡᠨᠡ ᠵᠢᠯ ᠠᠴᠠ ᠨᠠᠭᠠᠰᠢ᠂ ᠶᠠᠰᠤ ᠴᠢᠨᠠᠷ ᠤᠨ ᠲᠤᠰᠬᠠᠶ ᠰᠡᠳᠦᠪᠲᠦ ᠲᠤᠷᠰᠢᠯᠭ᠎ᠠ ᠶᠢᠨ ᠶᠠᠷᠢᠯᠴᠠᠬᠤ ᠬᠤᠷᠠᠯ ᠢ ᠨᠡᠶᠢᠲᠡ 14 ᠲᠠᠯᠠᠪᠤᠷ ᠬᠤᠷᠠᠯᠳᠤᠭᠤᠯᠵᠤ᠂ 89 ᠨᠢᠭᠡᠴᠢ ᠶᠢᠨ 272 ᠠᠵᠤ ᠠᠬᠤᠶᠢᠯᠠᠯ ᠤᠨ ᠲᠥᠯᠥᠭᠡᠯᠡᠭᠴᠢ ᠰᠤᠷᠤᠯᠴᠠᠯᠭ᠎ᠠ ᠰᠣᠯᠢᠯᠴᠠᠭ᠎ᠠ ᠳᠤ ᠣᠷᠣᠯᠴᠠᠪᠠ᠃

 

ᠢᠷᠡᠯᠲᠡ᠄ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ