ᠥᠪᠥᠷ ᠮᠣᠩᠭᠤᠯ ᠤᠨ ᠳᠦᠨ ᠯᠢᠶᠠᠩ ᠭᠧ ᠪᠣᠷᠳᠣᠭᠤᠷ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 3 ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/7/31

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠳᠥᠷᠪᠡᠳᠦᠭᠡᠷ ᠵᠣᠷᠪᠣᠰ ᠤᠨ ᠬᠤᠶᠠᠳᠤᠭᠠᠷ ᠵᠦᠢᠯ ᠤᠨ ︵ᠳᠥᠷᠪᠡᠳᠦᠭᠡᠷ︶ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠵᠤᠷᠰᠢᠯᠲᠤ ᠪᠠᠶᠢᠴᠠᠭᠠᠯᠲᠠ ᠶᠢᠨ ᠳ᠋ᠦᠩ ᠨᠢ ᠬᠢᠷᠢ ᠲᠡᠩᠴᠡᠭᠰᠡᠨ ᠦᠭᠡᠶ ᠠᠴᠠ ᠪᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠥᠪᠥᠷ ᠮᠣᠩᠭᠤᠯ ᠤᠨ ᠳᠦᠨ ᠯᠢᠶᠠᠩ ᠭᠧ ᠪᠣᠷᠳᠣᠭᠤᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠣᠯᠠᠨ ᠴᠢᠳᠠᠮᠵᠢᠲᠤ ᠬᠡᠳᠦ ᠴᠡᠪᠡᠷ ᠰᠢᠨ᠎ᠡ ᠮᠡᠷᠭᠡᠵᠢᠯ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠥᠯᠥᠨ ᠪᠤᠶᠢᠷ ᠤᠨ ᠢᠦᠶ ᠹᠧᠩ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠪᠠᠷ ᠲᠣᠭᠲᠠᠪᠠ ︵ᠨᠡᠷᠡᠰ ᠢ ᠳᠠᠭᠠᠯᠳᠤᠭᠤᠯᠤᠯ ᠳᠤ ᠦᠵᠡ︶᠃ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃

ᠣᠨᠴᠠᠭᠠᠶᠢᠯᠠᠨ ᠵᠠᠷᠯᠠᠪᠠ᠃

 

    ᠳᠠᠭᠠᠯᠳᠤᠭᠤᠯᠤᠯ᠄ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠶ ᠪᠣᠯᠭᠠᠭᠰᠠᠨ ᠠᠵᠤ ᠠᠬᠤᠶᠢᠯᠠᠯ ᠤᠨ ᠨᠡᠷᠡᠰ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2024 ᠣᠨ ᠤ 7 ᠳ᠋ᠤᠭᠠᠷ ᠰᠠᠷ᠎ᠠ ᠶᠢᠨ 30 ᠤ ᠡᠳᠦᠷ

 

ᠢᠷᠡᠯᠲᠡ᠄ ᠲᠣᠪᠴᠢᠶ᠎ᠠ ᠶᠢᠨ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ