︽ᠵᠢᠵᠢᠭ ᠦᠢᠯᠡᠳᠬᠡᠯ︾ ᠨᠢ ︽ᠲᠣᠮᠣ ᠠᠷᠠᠳ ᠤᠨ ᠠᠮᠢᠳᠤᠷᠠᠯ︾ ᠢ ᠵᠠᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠤᠯᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/7/4

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠤᠯᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 2089 ᠵᠢᠵᠢᠭ ᠦᠢᠯᠡᠳᠬᠡᠯ ᠤᠨ ᠭᠠᠵᠠᠷ ᠢ ᠪᠠᠶᠢᠴᠠᠭᠠᠵᠤ᠂ 180 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 5 ᠬᠡᠷᠡᠭ ᠢ ᠬᠡᠷᠡᠭ ᠪᠣᠯᠭᠠᠨ ᠳᠡᠩᠰᠡᠯᠡᠵᠦ᠂ 3 ︽ᠨᠢᠭᠤᠴᠠ ᠡᠭᠦᠷ︾ ᠢ ᠡᠪᠳᠡᠵᠦ᠂ 18 ᠡᠷᠦᠬᠡ ᠶᠢ ᠰᠢᠭᠰᠢᠭᠳᠡᠭᠦᠯᠵᠦ᠂ 32 ᠵᠢᠵᠢᠭ ᠦᠢᠯᠡᠳᠬᠡᠯ ᠤᠨ ᠭᠠᠵᠠᠷ ᠢ ᠲᠠᠰ ᠳᠡᠪᠰᠢᠭᠦᠯᠵᠡᠶ᠃ ᠵᠢᠷᠤᠮᠵᠢᠭᠤᠯᠤᠨ ᠪᠠᠷᠢᠮᠵᠢᠶᠠᠵᠢᠭᠰᠠᠨ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ 19 ᠶᠢ ᠡᠬᠢᠯᠡᠭᠦᠯᠵᠦ᠂ ︽ᠨᠠᠷᠢᠯᠢᠭ ᠣᠨᠴᠠ ᠰᠠᠶᠢᠬᠠᠨ︾ ᠢᠳᠡᠭᠡᠨ ᠡᠳ᠋ᠰᠢᠭᠦᠯᠬᠦ ᠵᠢᠵᠢᠭ ᠦᠢᠯᠡᠳᠬᠡᠯ ᠤᠨ 12 ᠡᠷᠦᠬᠡ ᠶᠢ ᠪᠣᠶᠢᠵᠢᠭᠤᠯᠪᠠ᠃ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠭᠤᠯᠬᠤ ᠨᠣᠷᠮ᠎ᠠ᠂ ᠳᠠᠩᠰᠠ ᠡᠪᠬᠡᠮᠡᠯ ᠪᠠᠶᠢᠭᠤᠯᠬᠤ ᠨᠣᠷᠮ᠎ᠠ ᠶᠢ ᠴᠥᠮ 90% ᠠᠴᠠ ᠳᠡᠭᠡᠭᠰᠢ ᠳᠤ ᠬᠥᠷᠪᠡ᠃

    2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠤᠯᠤᠨ ᠪᠠᠷᠢᠮᠵᠢᠶᠠᠵᠢᠭᠰᠠᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ︽ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠵᠢᠷᠤᠮᠵᠢᠯ︾ ᠵᠡᠷᠭᠡ ᠣᠷᠣᠨ ᠨᠤᠲᠤᠭ ᠤᠨ 13 ᠪᠠᠷᠢᠮᠵᠢᠶ᠎ᠠ ᠶᠢ ᠲᠣᠭᠲᠠᠭᠠᠨ ᠨᠡᠶᠢᠲᠡᠯᠡᠪᠡ᠃ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠡᠮᠵᠢ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠬᠦ᠂ ᠵᠢᠵᠢᠭ ᠦᠢᠯᠡᠳᠬᠡᠯ ᠤᠨ ᠭᠠᠵᠠᠷ ᠤᠨ ᠲᠠᠰ ᠳᠡᠪᠰᠢᠬᠦ ᠶᠢ ᠠᠬᠢᠭᠤᠯᠬᠤ᠂ ︿ᠨᠠᠷᠢᠯᠢᠭ ᠣᠨᠴᠠ ᠰᠠᠶᠢᠬᠠᠨ﹀ ᠣᠷᠣᠨ ᠨᠤᠲᠤᠭ ᠤᠨ ᠰᠢᠯᠢᠳᠡᠭ ᠦᠢᠯᠡᠳᠬᠦᠨ ᠤ ᠵᠢᠵᠢᠭ ᠦᠢᠯᠡᠳᠬᠡᠯ ᠤᠨ ᠨᠠᠷᠠᠲᠤ ᠲᠡᠮᠳᠡᠭᠲᠦ ᠶᠢ ᠪᠤᠶᠢᠵᠢᠭᠤᠯᠬᠤ︾ ᠵᠡᠷᠭᠡ 5 ᠲᠠᠯ᠎ᠠ ᠶᠢᠨ ᠠᠵᠢᠯ ᠤᠨ ᠡᠭᠦᠷᠭᠡ ᠶᠢᠨ ᠲᠣᠭᠤᠷᠢᠨ ᠳᠤ᠂ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃

 

ᠢᠷᠡᠯᠲᠡ᠄ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ