ᠲᠦᠩᠯᠢᠶᠣᠤ ᠬᠤᠲᠠ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠯᠪᠣᠭᠠᠯᠠᠬᠤ᠂ ᠰᠤᠷᠪᠤᠯᠵᠢᠯᠠᠬᠤ᠂ ᠬᠠᠪᠰᠤᠷᠬᠤ᠂ ᠵᠠᠭᠠᠯᠳᠤᠬᠤ᠂ ᠪᠠᠶᠢᠴᠠᠭᠠᠬᠤ︾ ᠪᠠᠶᠢᠩᠭᠤᠵᠢᠭᠤᠯᠤᠭᠰᠠᠨ ᠨᠡᠪᠲᠡᠷᠡᠯᠴᠡᠨ ᠦᠢᠯᠡᠴᠢᠯᠡᠬᠦ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠪᠠ
ᠨᠡᠶᠢᠲᠡᠯᠡᠭᠰᠡᠨ ᠴᠠᠭ᠄
2024/7/4

    ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ ︵2023 — 2025 ᠣᠨ︶︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠯᠪᠣᠭᠠᠯᠠᠬᠤ᠂ ᠰᠤᠷᠪᠤᠯᠵᠢᠯᠠᠬᠤ᠂ ᠵᠠᠭᠠᠯᠳᠤᠬᠤ᠂ ᠬᠠᠪᠰᠤᠷᠬᠤ᠂ ᠪᠠᠶᠢᠴᠠᠭᠠᠬᠤ︾ ᠪᠠᠶᠢᠩᠭᠤᠵᠢᠭᠤᠯᠤᠭᠰᠠᠨ ᠨᠡᠪᠲᠡᠷᠡᠯᠴᠡᠨ ᠦᠢᠯᠡᠴᠢᠯᠡᠬᠦ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠠᠰᠠᠭᠤᠳᠠᠯ ᠲᠤᠰᠬᠠᠬᠤ ᠠᠴᠠ ᠰᠢᠢᠳᠪᠦᠷᠢᠯᠡᠨ ᠨᠠᠶᠢᠳᠠᠪᠤᠷᠢᠵᠢᠭᠤᠯᠬᠤ ᠬᠦᠷᠲᠡᠯᠡᠬᠢ ᠪᠢᠲᠡᠭᠦᠤ ᠴᠠᠭᠠᠷᠢᠭ ᠢ ᠪᠡᠶᠡᠯᠡᠭᠦᠯᠦᠨ᠂ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷ ᠵᠣᠪᠠᠭᠤᠷᠢ ᠶᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃

    ᠨᠢᠭᠡ ᠳᠤ ︽ᠬᠤᠯᠪᠣᠭᠠᠯᠠᠬᠤ︾ — ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠪᠠ᠃ ᠲᠦᠩᠯᠢᠶᠣᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠲᠡᠳᠬᠦᠬᠦ ᠬᠠᠮᠲᠤᠷᠠᠭᠰᠠᠨ ᠬᠤᠷᠠᠯ ᠤᠨ ᠳᠦᠷᠢᠮ ᠢ ᠲᠦᠷᠦᠭᠦᠯᠡᠨ ᠪᠠᠶᠢᠭᠤᠯᠵᠤ᠂ ᠪᠦᠬᠦ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠲᠡᠳᠬᠦᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠶᠢᠩᠭᠤ ᠨᠡᠪᠲᠡᠷᠡᠯᠴᠡᠬᠦ ᠦᠢᠯᠡᠴᠢᠯᠡᠭᠡᠨ ᠤ ᠲᠣᠭᠲᠠᠴᠠ ᠶᠢᠨ ᠠᠵᠢᠯᠯᠠᠭᠠᠨ ᠢ ᠠᠬᠢᠭᠤᠯᠪᠠ᠃ ᠬᠠᠮᠲᠤᠷᠠᠭᠰᠠᠨ ᠬᠤᠷᠠᠯ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠬᠤᠷᠢᠶᠠᠩᠭᠤᠶᠢᠯᠠᠭᠰᠠᠨ ᠴᠢᠬᠤᠯᠠ ᠶᠡᠭᠡ ᠠᠰᠠᠭᠤᠳᠠᠯ᠂ ᠰᠠᠨᠠᠭᠤᠯᠭ᠎ᠠ᠂ ᠭᠤᠮᠣᠳᠠᠯ ᠱᠠᠭᠠᠷᠳᠠᠯᠭ᠎ᠠ ᠶᠢ ᠰᠤᠳᠤᠯᠤᠨ ᠶᠠᠷᠢᠯᠴᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠥᠰᠦᠯ ᠢ ᠲᠣᠭᠲᠠᠭᠠᠪᠠ᠃

    ᠬᠤᠶᠠᠷ ᠲᠤ ︽ᠰᠤᠷᠪᠤᠯᠵᠢᠯᠠᠬᠤ︾ — ᠪᠠᠶᠢᠴᠠᠭᠠᠨ ᠰᠤᠳᠤᠯᠵᠤ ᠰᠤᠷᠪᠤᠯᠵᠢᠯᠠᠬᠤ ᠳᠦᠷᠢᠮ ᠢ ᠪᠠᠶᠢᠭᠤᠯᠪᠠ᠃ ᠬᠠᠮᠲᠤᠷᠠᠭᠰᠠᠨ ᠬᠤᠷᠠᠯ ᠤᠨ ᠡᠯ᠎ᠡ ᠭᠡᠰᠢᠭᠦᠨ ᠨᠢᠭᠡᠴᠢ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠬᠤᠰᠢᠭᠤ ᠰᠢᠶᠠᠨ ᠬᠤᠲᠠ ᠲᠣᠭᠤᠷᠢᠭ ᠲᠤ ᠬᠦᠷᠴᠦ ᠬᠠᠮᠲᠤᠷᠠᠨ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠢ ᠴᠠᠭ ᠲᠤᠬᠠᠶ ᠳᠤᠨᠢ ᠲᠣᠬᠢᠷᠠᠭᠤᠯᠤᠨ ᠰᠢᠮᠳᠠᠭᠤᠯᠤᠨ ᠵᠢᠯᠣᠭᠤᠳᠪᠠ᠃ ︽ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠪᠣᠳᠠᠲᠤ ᠶᠠᠪᠤᠳᠠᠯ ᠬᠢᠬᠦ᠂ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠷ᠎ᠠ ᠪᠦᠷᠢ ᠶᠠᠷᠢᠯᠴᠠᠬᠤ ᠬᠤᠷᠠᠯ ᠬᠤᠷᠠᠯᠳᠤᠭᠤᠯᠬᠤ᠂ ᠡᠷᠦᠬᠡ ᠳᠤ ᠬᠦᠷᠴᠦ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠥᠷᠭᠡᠨ ᠢᠶᠠᠷ ᠴᠤᠭᠯᠠᠭᠤᠯᠪᠠ᠃ ᠡᠨᠡ ᠵᠢᠯ᠂ ᠬᠤᠲᠠ ᠬᠤᠰᠢᠭᠤ ᠬᠤᠶᠠᠷ ᠱᠠᠲᠤ ᠢᠳᠡᠭᠡᠨ ᠤ ᠵᠦᠢᠯ᠂ ᠡᠮ ᠤᠨ ᠵᠦᠢᠯ᠂ ᠬᠡᠮᠵᠢᠯᠲᠡ᠂ ᠭᠡᠷᠡᠴᠢᠯᠡᠯ ᠤᠨ ᠰᠢᠯᠭᠠᠨ ᠪᠠᠶᠢᠴᠠᠭᠠᠯᠲᠠ᠂ ᠦᠢᠯᠡᠳᠬᠦᠨ ᠤ ᠶᠠᠰᠤ ᠴᠢᠨᠠᠷ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ 346 ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠤᠬᠢᠶᠠᠨ ᠪᠠᠶᠢᠭᠤᠯᠤᠨ ᠬᠤᠷᠠᠯᠳᠤᠭᠤᠯᠵᠤ ᠶᠠᠷᠢᠯᠴᠠᠬᠤ ᠪᠤᠶᠤ ᠰᠤᠷᠪᠤᠯᠵᠢᠯᠠᠵᠤ᠂ ᠡᠯ᠎ᠡ ᠲᠥᠷᠥᠯ ᠤᠨ ᠠᠰᠠᠭᠤᠳᠠᠯ ᠪᠠ ᠰᠠᠨᠠᠭᠤᠯᠭ᠎ᠠ ᠶᠢ 272ᠬᠤᠪᠢ ᠴᠤᠭᠯᠠᠭᠤᠯᠤᠨ ᠰᠢᠢᠳᠪᠦᠷᠢᠯᠡᠪᠡ᠃

    ᠭᠤᠷᠪᠠ ᠳᠤ ︽ᠬᠠᠪᠰᠤᠷᠬᠤ︾ — ᠲᠥᠷᠥᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠪᠠᠶᠢᠭᠤᠯᠪᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠮᠵᠢᠶ᠎ᠡ ᠨᠢ ᠶᠡᠭᠡ ᠬᠡᠪᠴᠢᠶ᠎ᠡ ᠥᠷᠭᠡᠨ᠂ ᠪᠠᠶᠢᠳᠠᠯ ᠨᠢ ᠪᠤᠳᠤᠯᠢᠶᠠᠨᠲᠠᠢ᠂ ᠣᠯᠠᠨ ᠡᠰᠢᠵᠢᠭᠰᠡᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠲᠠᠢ ᠵᠡᠷᠭᠡ ᠣᠳᠣᠬᠢ ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ᠂ ᠡᠯᠧᠺᠲᠷᠣᠨ ᠬᠤᠳᠠᠯᠳᠤᠭ᠎ᠠ᠂ ᠤᠯᠠᠮᠵᠢᠯᠠᠯᠲᠤ ᠠᠵᠢᠯ ᠲᠦᠷᠦᠯ ᠵᠡᠷᠭᠡ ᠣᠷᠣᠨ ᠪᠦᠰᠡ ᠶᠢᠨ ᠠᠵᠤ ᠦᠢᠯᠡᠰ ᠤᠨ ᠣᠨᠴᠠᠯᠢᠭ ᠵᠢᠴᠢ ᠰᠣᠶᠣᠯ ᠤᠨ ᠳᠠᠪᠠᠭᠤᠯᠢᠭ ᠲᠠᠢ ᠭᠦᠢᠴᠡᠳ ᠤᠶᠠᠯᠳᠤᠭᠤᠯᠵᠤ᠂ ᠬᠠᠮᠤᠭ ᠤᠨ ᠲᠡᠷᠢᠭᠦᠨ ᠳᠤ ᠲᠦᠷᠦᠯ ᠬᠤᠪᠢᠶᠠᠬᠤ ᠪᠠᠷᠢᠮᠵᠢᠶ᠎ᠠ ᠶᠢ ᠲᠣᠭᠲᠠᠭᠠᠵᠤ᠂ ︽ᠣᠷᠣᠰᠢᠨ ᠠᠮᠢᠳᠤᠷᠠᠬᠤ ᠬᠡᠯᠪᠡᠷᠢ︾ ︽ᠪᠤᠶᠢᠵᠢᠯᠲᠠ ᠶᠢᠨ ᠬᠡᠯᠪᠡᠷᠢ︾ ︽ᠬᠥᠭᠵᠢᠯᠲᠡ ᠶᠢᠨ ᠬᠡᠯᠪᠡᠷᠢ︾ ᠵᠢᠴᠢ ︽ᠨᠡᠷᠡᠳᠦ ᠣᠨᠴᠠ ᠰᠢᠯᠢᠳᠡᠭ ᠰᠢᠨ᠎ᠡ︾ ᠵᠡᠷᠭᠡ ᠠᠳᠠᠯᠢ ᠪᠤᠰᠤ ᠲᠦᠷᠦᠯ ᠬᠡᠯᠪᠡᠷᠢ ᠶᠢ ᠲᠣᠳᠣᠷᠬᠠᠶᠢᠯᠠᠵᠤ᠂ ᠬᠠᠨᠳᠤᠯᠭᠠᠲᠤ ᠴᠢᠨᠠᠷᠲᠠᠢ ᠪᠠᠷ ᠪᠤᠶᠢᠵᠢᠭᠤᠯᠬᠤ ᠪᠠ ᠣᠨᠣᠪᠴᠢᠲᠠᠢ ᠬᠠᠪᠰᠤᠷᠤᠨ ᠲᠡᠳᠬᠦᠬᠦ ᠶᠢ ᠬᠡᠷᠡᠭᠵᠢᠭᠦᠯᠪᠡ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠲᠥᠷᠥᠯ ᠬᠡᠯᠪᠡᠷᠢ ᠬᠤᠪᠢᠶᠠᠭᠰᠠᠨ ᠨᠡᠷᠡᠰ ᠤᠨ ᠬᠥᠮᠥᠷᠭᠡ ᠶᠢ ᠲᠣᠭᠲᠠᠭᠠᠵᠤ᠂ ᠬᠠᠪᠰᠤᠷᠤᠨ ᠲᠡᠳᠬᠦᠬᠦ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠣᠳᠣᠬᠠᠨ ᠳᠤ᠂ ᠨᠡᠶᠢᠲᠡ 144315 ᠡᠷᠦᠬᠡ ᠶᠢ ᠬᠡᠯᠪᠡᠷᠢ ᠬᠤᠪᠢᠶᠠᠨ ᠬᠠᠪᠰᠤᠷᠤᠨ ᠲᠡᠳᠬᠦᠵᠦ᠂ 542 ᠡᠷᠦᠬᠡ ᠶᠢ ᠲᠥᠷᠥᠯ ᠬᠤᠪᠢᠶᠠᠨ ᠬᠠᠪᠰᠤᠷᠤᠨ ᠲᠡᠳᠬᠦᠪᠡ᠃

    ᠳᠥᠷᠪᠡ ᠳᠤ ︽ᠵᠠᠭᠠᠯᠳᠤᠬᠤ︾ — ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠳᠦᠷᠢᠮ ᠢ ᠪᠠᠶᠢᠭᠤᠯᠪᠠ᠃ ᠬᠤᠲᠠ ᠶᠢᠨ ᠲᠣᠪᠴᠢᠶ᠎ᠠ ᠶᠢᠨ ︽ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠠᠵᠢᠯ ᠤᠨ ᠠᠷᠭ᠎ᠠ︾ ᠪᠠᠷ ᠯᠠᠪᠯᠠᠯᠲᠠ ᠪᠣᠯᠭᠠᠵᠤ᠂ ᠡᠯ᠎ᠡ ᠨᠡᠪᠲᠡᠷᠡᠯᠴᠡᠨ ᠬᠠᠷᠢᠯᠴᠠᠬᠤ ᠬᠠᠷᠢᠭᠤᠴᠠᠯᠭᠠᠲᠤ ᠰᠠᠯᠠᠭ᠎ᠠ ᠮᠥᠴᠢᠷ ᠤᠳ 5 ᠠᠵᠢᠯᠯᠠᠬᠤ ᠡᠳᠦᠷ ᠤᠨ ᠳᠣᠲᠣᠷ᠎ᠠ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ ᠬᠠᠷᠢᠭᠤᠯᠲᠠ ᠥᠭᠪᠡ᠃ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠮᠣᠳᠠᠯ ᠲᠣᠭᠠᠴᠢᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠬᠠᠷᠢᠭᠤ ᠰᠤᠷᠪᠤᠯᠵᠢᠯᠠᠵᠤ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠣᠲᠣ ᠪᠣᠯᠲᠠᠯ᠎ᠠ᠂ ᠨᠡᠶᠢᠲᠡ 400 ᠡᠷᠦᠬᠡ ᠲᠠᠢ ᠶᠠᠷᠢᠯᠴᠠᠵᠤ᠂ ᠡᠯ᠎ᠡ ᠲᠥᠷᠥᠯ ᠤᠨ 115 ᠠᠰᠠᠭᠤᠳᠠᠯ ᠢ ᠰᠢᠢᠳᠪᠦᠷᠢᠯᠡᠪᠡ᠃

    ᠲᠠᠪᠤ ᠳᠤ ︽ᠪᠠᠶᠢᠴᠠᠭᠠᠬᠤ︾ — ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠦᠷᠢᠮ ᠢ ᠪᠠᠶᠢᠭᠤᠯᠪᠠ᠃ ᠡᠯ᠎ᠡ ᠭᠠᠵᠠᠷ ᠤᠨ ᠠᠵᠢᠯ ᠤᠨ ᠲᠥᠰᠦᠯ ᠲᠣᠭᠲᠠᠭᠠᠬᠤ ᠶᠢ ᠵᠢᠯᠣᠭᠤᠳᠴᠤ᠂ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠪᠠ᠃ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠠᠵᠢᠯ ᠤᠨ ᠰᠢᠮᠳᠠᠭᠤᠯᠤᠨ ᠪᠠᠶᠢᠴᠠᠭᠠᠯᠲᠠ ᠶᠢ ᠬᠠᠭᠠᠰ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠪᠠ ᠲᠠᠷᠠᠭᠠᠴᠢ ᠶᠢᠨ ᠠᠯᠬᠤᠮ ᠤᠨ ᠠᠵᠢᠯ ᠳᠤ ᠯᠠᠪᠯᠠᠯᠲᠠ ᠬᠠᠩᠭᠠᠪᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠠᠵᠢᠯ ᠢ ᠵᠢᠯ ᠤᠨ ᠡᠴᠦᠰ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠷᠠᠭᠤᠯᠪᠠ᠃ ᠤᠯᠠᠷᠢᠯ ᠪᠦᠷᠢ ᠬᠤᠲᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶᠡᠨ ᠳᠡᠭᠡᠷ᠎ᠡ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠰᠦᠨ ᠪᠤᠶᠢᠵᠢᠯᠲᠠ ᠶᠢᠨ ᠬᠠᠮᠢᠶ᠎ᠠ ᠪᠥᠬᠦᠶ ᠪᠠᠶᠢᠳᠠᠯ ᠢ ᠮᠡᠳᠡᠭᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃

 

ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ