ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ ᠤᠯᠤᠰ ᠤᠨ ᠲᠠᠰ ᠤᠨ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠭᠠᠬᠤ ᠵᠢᠯᠣᠭᠤᠳᠬᠤ ᠲᠥᠪ ᠤᠨ ᠣᠷᠣᠨ ᠨᠤᠲᠤᠭ ᠤᠨ ᠬᠤᠪᠢᠶᠠᠷᠢ ᠲᠥᠪ ᠢᠶᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2024/7/4

    ᠣᠶᠢᠷ᠎ᠠ ᠶᠢᠨ ᠡᠳᠦᠷ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠪᠢᠴᠢᠭ ᠮᠠᠲ᠋ᠧᠷᠢᠶᠠᠯ ᠪᠠᠭᠤᠯᠭᠠᠵᠤ᠂ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ ᠢ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠬᠤ ᠵᠢᠯᠣᠭᠤᠳᠬᠤ ᠲᠥᠪ ᠤᠨ ᠣᠷᠣᠨ ᠨᠤᠲᠤᠭ ᠤᠨ ᠬᠤᠪᠢᠶᠠᠷᠢ ᠲᠥᠪ ᠢᠶᠠᠷ ᠵᠢᠩᠬᠢᠨᠢ ᠪᠠᠷ ᠵᠥᠪᠰᠢᠶᠡᠷᠡᠪᠡ᠃ ᠲᠣᠰ ᠤᠳᠠᠭ᠎ᠠ ᠭᠤᠶᠤᠴᠢᠯᠠᠨ ᠮᠡᠳᠡᠭᠦᠯᠵᠦ ᠵᠥᠪᠰᠢᠶᠡᠷᠡᠭᠳᠡᠭᠰᠡᠨ ᠨᠢ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠬᠤᠲᠠ ᠶᠢ ᠪᠥᠲᠥᠭᠡᠨ ᠪᠠᠶᠢᠭᠤᠯᠬᠤ ᠶᠢ ᠠᠬᠢᠭᠤᠯᠬᠤ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠭᠤᠤᠯ ᠣᠷᠣᠨ ᠢ ᠭᠤᠶᠤᠴᠢᠯᠠᠨ ᠪᠠᠶᠢᠭᠤᠯᠬᠤ᠂ ᠣᠷᠣᠨ ᠤ ᠲᠥᠪ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠣᠷᠣᠨ ᠤ ᠲᠠᠰ ᠤᠨ ᠬᠤᠲᠠ ᠶᠢᠨ ᠳᠣᠲᠣᠷ᠎ᠠ ᠠᠩᠬ᠎ᠠ ᠤᠳᠠᠭ᠎ᠠ ᠵᠥᠪᠰᠢᠶᠡᠷᠡᠭᠳᠡᠭᠰᠡᠨ ᠬᠤᠪᠢᠶᠠᠷᠢ ᠲᠥᠪ ᠪᠣᠯᠤᠭᠰᠠᠨ ᠤ ᠬᠤᠪᠢ ᠳᠤ᠂ ᠬᠤᠶᠢᠰᠢᠳᠠ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ ᠠᠴᠠ ᠤᠯᠤᠰ ᠤᠨ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠬᠤ ᠵᠢᠯᠣᠭᠤᠳᠬᠤ ᠲᠥᠪ ᠤᠨ ᠬᠦᠴᠦᠨ ᠲᠠᠢ ᠬᠤᠯᠪᠣᠭᠠᠯᠠᠨ ᠬᠥᠳᠡᠯᠦᠯᠴᠡᠵᠦ᠂ ᠠᠵᠤ ᠠᠬᠤᠶᠢᠯᠠᠯ ᠢ ᠬᠠᠪᠰᠤᠷᠤᠨ ᠤᠯᠤᠰ ᠤᠨ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠡᠬᠢ ᠪᠠᠶᠠᠯᠢᠭ ᠲᠠᠢ ᠨᠡᠩ ᠥᠨᠳᠥᠷ ᠪᠦᠲᠦᠮᠵᠢᠲᠡᠶ ᠪᠠᠷ ᠵᠣᠯᠭᠠᠭᠤᠯᠵᠤ᠂ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠮᠡᠳᠡᠭᠦᠯᠦᠨ ᠬᠦᠷᠭᠡᠬᠦ᠂ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠬᠤ ᠤᠬᠠᠭᠤᠯᠭ᠎ᠠ᠂ ᠠᠰᠠᠭᠤᠨ ᠯᠠᠪᠯᠠᠬᠤ ᠪᠠ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠤᠬᠠᠮᠰᠠᠷ ᠪᠠ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠨᠠᠩ ᠵᠢᠷᠤᠮᠵᠢᠭᠰᠠᠨ᠂ ᠨᠡᠩ ᠴᠢᠨᠠᠷ ᠰᠠᠶᠢᠲᠠᠶ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠪᠠᠨ ᠬᠠᠮᠠᠭᠠᠯᠠᠬᠤ ᠦᠢᠯᠡᠴᠢᠯᠡᠭᠡ ᠬᠠᠩᠭᠠᠵᠤ᠂ ᠣᠷᠣᠨ ᠤ ᠲᠥᠪ ᠤᠨ ᠠᠵᠤ ᠠᠬᠤᠶᠢᠯᠠᠯ ᠤᠨ ︽ᠭᠠᠳᠠᠭᠰᠢ ᠭᠠᠷᠴᠤ︾᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠳᠤ ᠨᠠᠩ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ