ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/7/4

    ᠣᠶᠢᠷ᠎ᠠ ᠶᠢᠨ ᠬᠤᠭᠤᠴᠠᠭᠠᠨ ᠳᠤ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢᠶᠠᠷ ᠭᠠᠷᠳᠠᠴᠠ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠤᠨ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠵᠡᠷᠭᠡ ᠪᠠᠷ ᠬᠦᠴᠦᠯᠡᠵᠦ᠂ ᠪᠥᠬᠦ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠠᠭᠤᠷᠢ ᠶᠢ ᠪᠦᠲᠦᠮᠵᠢᠲᠡᠶ ᠪᠠᠬᠢᠵᠢᠭᠦᠯᠪᠡ᠃

    ᠨᠢᠭᠡ ᠳᠤ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠳᠠᠷᠠᠭᠤᠯᠪᠠ᠃ ᠤᠯᠠᠭᠠᠨᠴᠠᠪ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠤᠯᠠᠭᠠᠨᠴᠠᠪ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠪᠠᠷ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃ ᠲᠤᠰᠬᠠᠶ ᠴᠡᠭᠴᠡᠯᠡᠨ ᠵᠠᠰᠠᠬᠤ ᠬᠤᠭᠤᠴᠠᠭᠠᠨ ᠳᠤ᠂ ᠪᠥᠬᠦ ᠬᠤᠲᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 2016 ᠬᠥᠮᠦᠨ ᠤᠳᠠᠭ᠎ᠠ ᠬᠥᠳᠡᠯᠭᠡᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠢ 850 ᠡᠷᠦᠬᠡ ᠤᠳᠠᠭ᠎ᠠ ᠪᠠᠶᠢᠴᠠᠭᠠᠵᠤ᠂ 468 ᠠᠰᠠᠭᠤᠳᠠᠯ ᠢ ᠢᠯᠡᠷᠡᠭᠦᠯᠵᠦ᠂ 147 ᠡᠷᠦᠬᠡ ᠤᠳᠠᠭ᠎ᠠ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 7 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠬᠠᠷᠢᠭᠤᠴᠠᠯᠭᠠᠲᠠᠨ ᠢ 1 ᠤᠳᠠᠭ᠎ᠠ ᠪᠣᠯᠵᠣᠨ ᠶᠠᠷᠢᠯᠴᠠᠵᠤ᠂ 366 ᠪᠦᠯᠦᠭ ᠤᠳᠠᠭ᠎ᠠ ᠶᠢ ᠰᠤᠭᠤᠴᠢᠨ ᠪᠠᠶᠢᠴᠠᠭᠠᠵᠤ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ 32 ᠤᠳᠠᠭ᠎ᠠ ᠵᠣᠬᠢᠶᠠᠨ ᠪᠠᠶᠢᠭᠤᠯᠵᠤ᠂ ᠠᠵᠢᠯ ᠡᠷᠭᠢᠯᠡᠭᠰᠡᠳ ᠢ 3862 ᠬᠥᠮᠦᠨ ᠤᠳᠠᠭ᠎ᠠ ᠪᠣᠯᠪᠠᠰᠤᠷᠠᠭᠤᠯᠵᠤ᠂ ᠳᠠᠭᠠᠭᠠᠴᠢᠯᠠᠨ ᠬᠠᠷᠢᠭᠤᠴᠠᠬᠤ ᠺᠠᠳ᠋ᠷ ᠢ 268 ᠬᠥᠮᠥᠨ ᠤᠳᠠᠭ᠎ᠠ ᠪᠣᠯᠪᠠᠰᠤᠷᠠᠭᠤᠯᠵᠤ᠂ ᠡᠯ᠎ᠡ ᠲᠥᠷᠥᠯ ᠤᠨ ᠪᠣᠯᠪᠠᠰᠤᠷᠠᠯ ᠤᠨ ᠮᠠᠲ᠋ᠧᠷᠢᠶᠠᠯ ᠢ 2649 ᠬᠤᠪᠢ ᠲᠠᠷᠬᠠᠭᠠᠵᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠤᠨ ᠲᠤᠰᠬᠠᠶ ᠪᠠᠶᠢᠴᠠᠭᠠᠯᠲᠠ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠪᠡ᠃

    ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠣᠪᠣᠶᠢᠯᠭᠠᠪᠠ᠃ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ︾ ᠶᠢᠨ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠬᠦ᠂ ᠢᠳᠡᠭᠡᠨ ᠤ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠬᠤ ᠵᠡᠷᠭᠡ ᠳᠤ ᠭᠤᠤᠯᠳᠠᠯᠭ᠎ᠠ ᠲᠠᠢ ᠴᠢᠭᠯᠡᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠪᠡ᠃ ᠡᠭᠦᠨ ᠤ ᠬᠠᠮᠲᠤ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠠᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂ ᠪᠥᠬᠦ ᠰᠢᠰᠲ᠋ᠧᠮ ᠢᠶᠠᠷ ᠢᠶᠠᠨ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠢ 119 ᠪᠠᠶᠢᠴᠠᠭᠠᠪᠠ᠃ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠭᠡᠷ 88 ᠶᠢ ᠪᠠᠶᠢᠴᠠᠭᠠᠵᠤ᠂ ᠡᠯ᠎ᠡ ᠲᠥᠷᠥᠯ ᠤᠨ ᠠᠰᠠᠭᠤᠳᠠᠯ ᠢ 211 ᠢᠯᠡᠷᠡᠭᠦᠯᠵᠦ᠂ ᠲᠤᠬᠠᠢ ᠶᠢᠨ ᠲᠠᠯᠠᠪᠤᠷ ᠲᠤ 196 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ 17 ᠠᠰᠠᠭᠤᠳᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ 27 ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠢ ᠪᠠᠶᠢᠴᠠᠭᠠᠵᠤ᠂ 11 ᠠᠰᠠᠭᠤᠳᠠᠯ ᠢ ᠢᠯᠡᠷᠡᠭᠦᠯᠵᠦ᠂ ᠲᠤᠬᠠᠢ ᠶᠢᠨ ᠲᠠᠯᠠᠪᠤᠷ ᠲᠤ 10 ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ 1 ᠠᠰᠠᠭᠤᠳᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃

    ᠭᠤᠷᠪᠠ ᠳᠤ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠲᠤᠰᠬᠠᠶ ᠴᠡᠭᠴᠡᠯᠡᠨ ᠵᠠᠰᠠᠬᠤ ᠠᠵᠢᠯ ᠤᠨ ᠠᠮᠵᠢᠯᠲᠠ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠳᠤ ᠭᠠᠷᠠᠭ ᠤᠨ ᠳᠣᠭᠢᠷᠠᠭᠤᠯᠬᠤ ᠲᠣᠭᠲᠠᠴᠠ ᠶᠢ ᠬᠡᠷᠡᠭᠵᠢᠭᠦᠯᠵᠦ᠂ ᠭᠠᠷᠠᠭ ᠪᠦᠷᠢ ᠠᠵᠢᠯ ᠤᠨ ᠦᠷ᠎ᠡ ᠪᠦᠲᠦᠭᠡᠯ ᠤᠨ ᠨᠠᠷᠢᠨ ᠬᠠᠭᠤᠳᠠᠰᠤ ᠶᠢ ᠲᠣᠬᠢᠷᠠᠭᠤᠯᠵᠤ᠂ ᠦᠨᠳᠦᠰᠦᠨ ᠱᠠᠲᠤᠨ ᠤ ᠠᠵᠢᠯ ᠤᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠪᠡ᠃ ᠬᠠᠭᠠᠰ ᠰᠠᠷ᠎ᠠ ᠪᠦᠷᠢ ᠠᠵᠢᠯ ᠤᠨ ᠠᠰᠠᠭᠤᠳᠠᠯ ᠤᠨ ᠡᠬᠡ ᠲᠠᠩᠰᠠ ᠵᠢᠴᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠲᠣᠬᠢᠷᠠᠭᠤᠯᠵᠤ᠂ ᠲᠤᠰᠬᠠᠶ ᠪᠠᠶᠢᠴᠠᠭᠠᠯᠲᠠ ᠶᠢᠨ ᠠᠵᠢᠯ ᠤᠨ ᠦᠷ᠎ᠡ ᠪᠦᠲᠦᠮᠵᠢ ᠲᠠᠢ᠂ ᠦᠷ᠎ᠡ ᠳ᠋ᠦᠩ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠱᠠᠲᠤ ᠦᠶ᠎ᠡ ᠶᠢᠨ ᠴᠢᠨᠠᠷᠲᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠠᠷ᠎ᠠ ᠪᠦᠷᠢ ᠳᠣᠭᠢᠷᠠᠭᠤᠯᠵᠤ᠂ ᠲᠤᠰᠬᠠᠶ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠬᠦ ᠶᠢ ᠦᠨᠡᠨ ᠬᠦ ᠪᠠᠲᠤᠯᠠᠵᠤ᠂ ᠢᠯᠡᠳᠲᠡ ᠦᠷ᠎ᠡ ᠪᠦᠲᠦᠮᠵᠢ ᠤᠯᠪᠠ᠃

 

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ