ᠵᠤᠰᠠᠬᠤ ᠢᠳᠡᠭᠡᠨ ᠤ ᠬᠡᠷᠡᠭᠯᠡᠭᠡᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/7/4

    ᠠᠭᠠᠭᠢᠮ᠎ᠠ ᠬᠠᠯᠠᠭᠤᠨ ᠵᠤᠨ ᠤ ᠠᠮᠠᠷᠠᠯᠲᠠ ᠤᠳᠠᠯ ᠦᠭᠡᠢ ᠢᠷᠡᠬᠦ ᠭᠡᠵᠦ ᠪᠠᠶᠢᠨ᠎ᠠ᠂ ᠵᠤᠰᠠᠬᠤ ᠢᠳᠡᠭᠡᠨ ᠨᠢ ᠬᠡᠷᠡᠭᠯᠡᠭᠴᠢᠳ ᠤᠨ ᠰᠣᠩᠭᠤᠨ ᠬᠤᠳᠠᠯᠳᠤᠨ ᠠᠪᠬᠤ ᠬᠠᠯᠠᠮᠰᠢᠯ ᠪᠣᠯᠪᠠ᠃ ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠨ ᠳᠤ ᠰᠠᠨᠠᠭᠤᠯᠬᠤ ᠨᠢ᠄

    ᠡᠯ᠎ᠡ ᠵᠦᠢᠯ ᠤᠨ ᠵᠤᠰᠠᠬᠤ ᠢᠳᠡᠭᠡᠨ ᠨᠦᠭᠦᠳ ᠢ ᠣᠶᠢᠯᠠᠭᠠᠷᠠᠢ

    ᠬᠦᠢᠲᠡᠨ ᠤᠮᠳᠠᠭᠠᠨ ᠵᠢᠱᠢᠶᠡᠯᠡᠪᠡᠯ  ᠪᠢᠩᠵᠢᠯᠢᠨ᠂ ᠬᠥᠷᠥᠭᠡᠭᠰᠡᠨ ᠤᠮᠳᠠᠭᠠᠨ ᠵᠡᠷᠭᠡ ᠨᠢ ᠪᠡᠶ᠎ᠡ ᠶᠢᠨ ᠳᠤᠯᠠᠭᠠᠨ ᠤ ᠬᠡᠮᠵᠢᠶ᠎ᠡ ᠶᠢ ᠲᠦᠷᠭᠡᠨ ᠪᠠᠭᠤᠷᠠᠭᠤᠯᠬᠤ ᠦᠢᠯᠡᠳᠦᠯ ᠲᠠᠢ ᠪᠠᠶᠢᠵᠤ᠂ ᠵᠤᠨ ᠤ ᠤᠯᠠᠷᠢᠯ ᠤᠨ ᠥᠨᠳᠥᠷ ᠳᠤᠯᠠᠭᠠᠨ ᠤ ᠠᠪᠴᠢᠷᠠᠭᠰᠠᠨ ᠡᠪ ᠦᠭᠡᠢ ᠪᠠᠶᠢᠳᠠᠯ ᠢ ᠪᠦᠲᠦᠮᠵᠢᠲᠡᠢ ᠨᠠᠮᠳᠠᠭᠤᠯᠵᠤ ᠴᠢᠳᠠᠳᠠᠭ᠃

    ᠵᠢᠮᠢᠰ ᠤᠨ ᠲᠥᠷᠥᠯ ᠤᠨ ᠵᠤᠰᠠᠬᠤ ᠢᠳᠡᠭᠡᠨ ᠵᠢᠱᠢᠶᠡᠯᠡᠪᠡᠯ ᠲᠠᠷᠪᠤᠰ᠂ ᠬᠠᠮᠢ ᠭᠤᠸᠠ ᠵᠡᠷᠭᠡ ᠳᠤ ᠤᠰᠤ ᠪᠠ ᠡᠷᠦᠳᠡᠰᠦ ᠡᠯᠪᠡᠭ ᠠᠭᠤᠯᠤᠭᠳᠠᠵᠤ᠂ ᠵᠣᠨ ᠤ ᠡᠳᠦᠷ ᠲᠤ ᠬᠥᠮᠥᠨ ᠤ ᠪᠡᠶ᠎ᠡ ᠳᠤ ᠤᠰᠤ ᠨᠥᠬᠦᠪᠥᠷᠢᠯᠡᠬᠦ ᠶᠢᠨ ᠬᠠᠮᠲᠤ ᠪᠠᠰᠠ ᠪᠡᠶ᠎ᠡ ᠮᠠᠬᠠᠪᠣᠳ ᠲᠤ ᠰᠢᠮ᠎ᠡ ᠲᠡᠵᠢᠭᠡᠯ ᠬᠠᠩᠭᠠᠵᠤ ᠴᠢᠳᠠᠨ᠎ᠠ᠃

    ᠬᠠᠯᠠᠭᠤᠨ ᠢ ᠠᠷᠢᠯᠭᠠᠵᠤ ᠬᠠᠯᠠᠭᠤᠨ ᠢ ᠲᠠᠶᠢᠯᠬᠤ ᠢᠳᠡᠭᠡᠨ ᠵᠢᠱᠢᠶᠡᠯᠡᠪᠡᠯ ᠨᠣᠭᠤᠭᠠᠨ ᠪᠤᠷᠴᠠᠭ ᠤᠨ ᠱᠥᠯᠥ᠂ ᠮᠥᠰᠥᠨ ᠰᠢᠬᠢᠷᠲᠦ ᠯᠢᠩᠬᠸ᠎ᠠ ᠶᠢᠨ ᠦᠷ᠎ᠡ ᠵᠡᠷᠭᠡ ᠨᠢ ᠮᠠᠰᠢ ᠰᠠᠶᠢᠨ ᠬᠠᠯᠠᠭᠤᠨ ᠢ ᠪᠠᠭᠤᠷᠠᠭᠤᠯᠬᠤ ᠦᠢᠯᠡᠳᠦᠯ ᠲᠠᠢ ᠪᠠᠶᠢᠳᠠᠭ᠃

    ᠵᠤᠰᠠᠬᠤ ᠢᠳᠡᠭᠡᠨ ᠢ ᠵᠣᠬᠢᠰᠲᠠᠢ ᠢᠳᠡᠭᠡᠷᠡᠢ

    ᠵᠤᠰᠠᠬᠤ ᠢᠳᠡᠭᠡᠨ ᠤ ᠰᠣᠩᠭᠤᠯᠲᠠ᠃ ᠵᠤᠰᠠᠬᠤ ᠢᠳᠡᠭᠡᠨ ᠤ ᠵᠦᠢᠯ ᠢ ᠰᠣᠩᠭᠤᠬᠤ ᠳᠠᠭᠠᠨ᠂ ᠨᠦᠮᠵᠦᠭ ᠦᠭᠡᠢ ᠮᠥᠷᠲᠡᠭᠡᠨ ᠡᠯᠪᠡᠭ ᠤᠰᠤ ᠲᠠᠢ ᠢᠳᠡᠭᠡᠨ ᠢᠶᠠᠷ ᠭᠤᠤᠯ ᠪᠣᠯᠭᠠᠨ᠂ ᠰᠢᠬᠢᠷ ᠶᠡᠬᠡᠲᠡᠶ᠂ ᠥᠭᠡᠬᠦ ᠶᠡᠬᠡᠲᠡᠶ ᠢᠳᠡᠭᠡᠨ ᠢ ᠬᠡᠲᠦᠷᠡᠲᠡᠯ᠎ᠡ ᠬᠡᠷᠡᠭᠯᠡᠬᠦ ᠠᠴᠠ ᠪᠣᠯᠵᠤ᠂ ᠪᠡᠶ᠎ᠡ ᠶᠢᠨ ᠢᠯᠴᠢ ᠶᠢᠨ ᠬᠡᠮᠵᠢᠶ᠎ᠡ ᠶᠢ ᠨᠡᠮᠡᠭᠳᠡᠭᠦᠯᠵᠦ ᠪᠡᠶ᠎ᠡ ᠶᠢᠨ ᠳᠠᠷᠤᠭᠠᠰᠤ ᠶᠢ ᠬᠦᠨᠳᠦᠷᠡᠭᠦᠯᠬᠦ ᠠᠴᠠ ᠵᠠᠶᠢᠯᠠᠰᠬᠢᠬᠦ ᠬᠡᠷᠡᠭᠲᠡᠶ᠃

    ᠵᠤᠰᠠᠬᠤ ᠢᠳᠡᠭᠡᠨ ᠨᠢ ᠬᠡᠳᠦᠶᠢᠪᠡᠷ ᠳᠤᠯᠠᠭᠠᠨ ᠢ ᠪᠠᠭᠤᠷᠠᠭᠤᠯᠬᠤ ᠦᠢᠯᠡᠳᠦᠯ ᠲᠠᠢ ᠪᠣᠯᠪᠠᠴᠤ ᠬᠡᠮᠵᠢᠶᠡᠨ ᠠᠴᠠ ᠬᠡᠲᠦᠷᠡᠲᠡᠯ᠎ᠡ ᠢᠳᠡᠵᠦ ᠪᠣᠯᠬᠤ ᠦᠭᠡᠢ᠃ ᠬᠡᠲᠦᠷᠡᠲᠡᠯ᠎ᠡ ᠢᠳᠡᠪᠡᠯ ᠰᠢᠩᠭᠡᠭᠡᠯᠲᠡ ᠶᠢᠨ ᠰᠢᠰᠲ᠋ᠧᠮ ᠤᠨ ᠬᠡᠪ ᠤᠨ ᠠᠵᠢᠯᠯᠠᠭ᠎ᠠ ᠶᠢ ᠨᠥᠯᠦᠭᠡᠯᠡᠵᠦ ᠮᠡᠳᠡᠨ᠎ᠡ᠃ ᠲᠡᠷᠡᠴᠢᠯᠡᠨ ᠰᠠᠭᠤᠯᠭᠠᠬᠤ ᠵᠡᠷᠭᠡ ᠦᠯᠦ ᠵᠣᠬᠢᠯᠳᠤᠬᠤ ᠢᠯᠡᠷᠡᠯ ᠭᠠᠷᠴᠤ ᠮᠡᠳᠡᠨ᠎ᠡ᠃ ᠡᠳᠦᠷ ᠪᠦᠷᠢ ᠶᠢᠨ ᠬᠦᠢᠲᠡᠨ ᠤᠮᠳᠠᠭᠠᠨ ᠤᠤᠭᠤᠬᠤ ᠬᠡᠮᠵᠢᠶ᠎ᠡ ᠶᠢ 500mL  ᠠᠴᠠ ᠳᠠᠪᠠᠭᠤᠯᠬᠤ ᠦᠭᠡᠢ ᠮᠥᠷᠲᠡᠭᠡᠨ ᠥᠯᠦᠨ ᠢᠶᠠᠷ ᠪᠤᠶᠤ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠲᠡᠷᠡ ᠳᠠᠷᠤᠢ ᠢᠳᠡᠵᠦ ᠪᠣᠯᠬᠤ ᠦᠭᠡᠢ᠃

    ᠵᠤᠰᠠᠬᠤ ᠢᠳᠡᠭᠡᠨ ᠤ ᠵᠣᠬᠢᠴᠠᠭᠤᠯᠤᠯᠲᠠ᠃ ᠵᠤᠰᠠᠬᠤ ᠢᠳᠡᠭᠡᠨ ᠢᠳᠡᠬᠦ ᠳᠤ᠂ ᠵᠣᠬᠢᠴᠠᠭᠤᠯᠬᠤ ᠶᠢ ᠠᠩᠬᠠᠷᠴᠤ᠂ ᠠᠯᠢ ᠪᠣᠯᠬᠤᠶᠢᠴᠠ ᠸᠢᠲ᠋ᠠᠮᠢᠨ ᠪᠠ ᠡᠷᠦᠳᠡᠰᠦ ᠡᠯᠪᠡᠭ ᠠᠭᠤᠯᠤᠭᠰᠠᠨ ᠢᠳᠡᠭᠡᠨ ᠢ ᠰᠣᠩᠭᠤᠵᠤ᠂ ᠡᠳᠡᠭᠡᠷ ᠰᠢᠮ᠎ᠡ ᠲᠡᠵᠢᠭᠡᠯ ᠤᠨ ᠡᠳ᠋ ᠢ ᠵᠣᠬᠢᠰᠲᠠᠶ ᠨᠥᠬᠦᠪᠥᠷᠢᠯᠡᠵᠦ᠂ ᠡᠨᠡ ᠨᠢ ᠡᠭᠡᠯᠢᠯᠡᠬᠦ ᠴᠢᠳᠠᠪᠤᠷᠢ ᠶᠢ ᠨᠡᠮᠡᠭᠳᠡᠭᠦᠯᠬᠦ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠳᠤ ᠠᠰᠢᠭᠲᠠᠶ ᠪᠠᠶᠢᠳᠠᠭ᠃

ᠵᠤᠨ ᠤ ᠤᠯᠠᠷᠢᠯ ᠤᠨ ᠢᠳᠡᠭᠡᠨ ᠤᠮᠳᠠᠭᠠᠨ ᠤ ᠶᠡᠷᠦᠩᠬᠡᠢ ᠬᠠᠮᠢᠶᠠᠷᠤᠯᠲᠠ

    1. ᠵᠤᠨ ᠤ ᠤᠯᠠᠷᠢᠯ ᠤᠨ ᠢᠳᠡᠭᠡᠨ ᠤᠮᠳᠠᠭᠠᠨ ᠤ ᠲᠣᠬᠢᠷᠠᠭᠤᠯᠤᠯᠲᠠ᠃ ᠵᠤᠨ ᠤ ᠤᠯᠠᠷᠢᠯ ᠳᠤ ᠬᠤᠭᠤᠯᠠ ᠢᠳᠡᠬᠦ ᠳᠡᠭᠡᠨ ᠨᠦᠮᠵᠦᠭ ᠦᠭᠡᠢ᠂ ᠰᠢᠮ᠎ᠡ ᠲᠡᠵᠢᠭᠡᠯ ᠲᠡᠩᠴᠡᠬᠦᠷᠢᠲᠠᠢ᠂ ᠨᠤᠭᠤᠭ᠎ᠠ ᠵᠢᠮᠢᠰ ᠢᠯᠡᠭᠦᠦ ᠢᠳᠡᠵᠤ᠂ ᠲᠣᠰᠣᠯᠢᠭ ᠪᠠ ᠭᠠᠰᠢᠭᠤᠨ ᠭᠤᠱᠤᠭᠤᠨ ᠢᠳᠡᠭᠡᠨ ᠳᠤᠲᠠᠭᠤ ᠢᠳᠡᠵᠤ᠂ ᠪᠡᠶ᠎ᠡ ᠲᠤᠳᠣᠷᠠᠬᠢ ᠣᠰᠣᠨ ᠤ ᠲᠡᠩᠴᠡᠭᠦᠷᠢ ᠶᠢ ᠪᠠᠲᠤᠯᠠᠬᠤ ᠬᠡᠷᠡᠭᠲᠠᠢ᠃

    2. ᠢᠳᠡᠭᠡᠨ ᠤᠮᠳᠠᠭᠠᠨ ᠬᠢᠭᠡᠳ ᠬᠥᠳᠡᠯᠭᠡᠭᠡᠨ ᠢ ᠤᠶᠠᠯᠳᠤᠭᠤᠯᠬᠤ᠃ ᠵᠣᠬᠢᠰᠲᠠᠶ ᠬᠥᠳᠡᠯᠭᠡᠭᠡᠨ ᠨᠢ ᠬᠤᠭᠤᠯᠠᠨ ᠤ ᠳᠤᠷᠠᠰᠢᠯ ᠢ ᠠᠬᠢᠭᠤᠯᠵᠤ᠂ ᠰᠢᠩᠭᠡᠭᠡᠯᠲᠡ ᠶᠢ ᠠᠬᠢᠭᠤᠯᠳᠠᠭ᠂ ᠭᠡᠪᠡᠴᠦ ᠬᠥᠳᠡᠯᠭᠡᠭᠡᠨ ᠬᠢᠭᠰᠡᠨ ᠤ ᠳᠠᠷᠠᠭ᠎ᠠ ᠤᠰᠤ ᠪᠣᠯᠤᠨ ᠰᠢᠮ᠎ᠡ ᠲᠡᠵᠢᠭᠡᠯ ᠢ ᠴᠠᠭ ᠲᠤᠬᠠᠶ ᠳᠤᠨᠢ ᠨᠥᠬᠦᠪᠥᠷᠢᠯᠡᠵᠦ᠂ ᠪᠡᠶ᠎ᠡ ᠮᠠᠬᠠᠪᠣᠳ ᠤᠨ ᠤᠰᠤ ᠳᠤᠲᠠᠬᠤ ᠪᠠ ᠡᠨᠧᠷᠭᠢ ᠬᠤᠷᠣᠭᠳᠠᠭᠤᠯᠬᠤ ᠠᠴᠠ ᠵᠠᠶᠢᠯᠠᠰᠬᠢᠬᠦ ᠬᠡᠷᠡᠭᠲᠡᠶ᠃

    3. ᠵᠤᠨ ᠤ ᠤᠯᠠᠷᠢᠯ ᠤᠨ ᠤᠤᠭᠤᠬᠤ ᠤᠰᠤᠨ ᠤ ᠨᠡᠮᠡᠭᠳᠡᠯ᠃ ᠵᠤᠨ ᠤ ᠤᠯᠠᠷᠢᠯ ᠳᠤ ᠪᠡᠶ᠎ᠡ ᠶᠢᠨ ᠳᠤᠯᠠᠭᠠᠨ ᠤ ᠲᠣᠬᠢᠷᠠᠭᠤᠯᠤᠯᠲᠠ ᠬᠢᠬᠦ ᠬᠡᠷᠡᠭᠴᠡᠭᠡ ᠠᠴᠠ ᠪᠣᠯᠵᠤ᠂ ᠤᠤᠭᠤᠬᠤ ᠤᠰᠤᠨ ᠤ ᠬᠡᠮᠵᠢᠶ᠎ᠡ ᠪᠠᠨ ᠵᠣᠬᠢᠰᠲᠠᠶ ᠨᠡᠮᠡᠭᠳᠡᠭᠦᠯᠬᠦ ᠬᠡᠷᠡᠭᠲᠡᠶ᠃ ᠪᠤᠴᠠᠯᠤᠭᠰᠠᠨ ᠤᠰᠤ᠂ ᠴᠡᠩᠬᠡᠭ ᠳᠠᠪᠤᠰᠤ ᠲᠠᠢ ᠤᠰᠤ ᠵᠡᠷᠭᠡ ᠪᠠᠷ ᠬᠥᠯᠥᠰᠦ ᠭᠠᠷᠤᠭᠰᠠᠨ ᠠᠴᠠ ᠪᠣᠯᠣᠭᠰᠠᠨ ᠤᠰᠤᠨ ᠤ ᠠᠯᠳᠠᠭᠳᠠᠯ ᠢ ᠨᠥᠬᠦᠪᠦᠷᠢᠯᠡᠵᠦ ᠪᠣᠯᠤᠨ᠎ᠠ᠃

 

ᠢᠷᠡᠯᠲᠡ᠄ ᠤᠳᠤᠷᠢᠳᠬᠤ ᠳᠤᠭᠤᠶᠢᠯᠠᠩ