ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠺᠣᠮᠫᠠᠨᠢ ᠶᠢᠨ ᠬᠠᠤᠯᠢ︾ ᠶᠢᠨ ᠰᠢᠷᠢᠰ ᠲᠠᠶᠢᠯᠤᠮᠵᠢ — ᠬᠡᠨ ᠬᠠᠤᠯᠢ ᠶᠣᠰᠣᠨ ᠤ ᠲᠥᠯᠥᠭᠡᠯᠡᠭᠴᠢ ᠶᠢᠨ ᠲᠤᠰᠢᠶᠠᠯ ᠢ ᠡᠭᠦᠷᠭᠡᠯᠡᠬᠦ ᠪᠣᠢ
ᠨᠡᠶᠢᠲᠡᠯᠡᠭᠰᠡᠨ ᠴᠠᠭ᠄
2024/7/9

    ᠨᠢᠭᠡ᠂ ᠬᠠᠤᠯᠢ ᠶᠣᠰᠣᠨ ᠤ ᠲᠥᠯᠥᠭᠡᠯᠡᠭᠴᠢ ᠬᠡᠷᠬᠢᠨ ᠪᠣᠢ ᠪᠣᠯᠣᠭᠰᠠᠨ ᠪᠣᠢ︖

    ᠺᠣᠮᠫᠠᠨᠢ ᠶᠢᠨ ᠳᠦᠷᠢᠮ ᠤᠨ ᠲᠣᠭᠲᠠᠭᠠᠯ ᠶᠣᠰᠣᠭᠠᠷ ᠺᠣᠮᠫᠠᠨᠢ ᠶᠢ ᠲᠥᠯᠥᠭᠡᠯᠡᠵᠦ ᠺᠣᠮᠫᠠᠨᠢ ᠶᠢᠨ ᠤᠴᠢᠷ ᠶᠠᠪᠤᠳᠠᠯ ᠢ ᠭᠦᠢᠴᠡᠳᠬᠡᠬᠦ ᠬᠡᠷᠡᠭ ᠮᠡᠳᠡᠭᠴᠢ ᠪᠤᠶᠤ ᠵᠠᠬᠢᠷᠤᠯ ᠡᠭᠦᠷᠭᠡᠯᠡᠨ᠎ᠡ᠃

    ᠵᠠᠰᠠᠯᠲᠠ ᠬᠢᠬᠦ ᠠᠴᠠ ᠡᠮᠦᠨ᠎ᠡ᠂ ᠠᠵᠢᠯᠲᠠᠨ ᠤ ᠬᠦᠷᠢᠶ᠎ᠡ ᠬᠡᠪᠴᠢᠶ᠎ᠡ ᠶᠢ ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠭᠦᠢᠴᠡᠳ᠋ᠭᠡᠬᠦ ᠬᠡᠷᠡᠭ ᠮᠡᠳᠡᠭᠴᠢ ᠠᠴᠠ ᠪᠦᠬᠦ ᠺᠤᠮᠫᠠᠨᠢ ᠶᠢᠨ ᠬᠡᠷᠡᠭ ᠢ ᠭᠦᠢᠴᠡᠳ᠋ᠭᠡᠬᠦ ᠬᠡᠷᠡᠭ ᠮᠡᠳᠡᠭᠴᠢ ᠬᠦᠷᠲᠡᠯ᠎ᠡ ᠥᠷᠭᠡᠳ᠋ᠭᠡᠵᠦ᠂ ᠰᠤᠩᠭᠤᠵᠤ ᠲᠤᠮᠢᠯᠠᠬᠤ ᠬᠦᠷᠢᠶ᠎ᠡ ᠬᠡᠪᠴᠢᠶ᠎ᠡ ᠨᠢ ᠤᠨᠴᠠ ᠲᠤᠭᠳᠠᠭᠰᠠᠨ ᠵᠢᠱᠢᠭᠳᠡᠭᠰᠡᠳ ᠪᠠᠶᠢᠭᠰᠠᠨ ᠠᠴᠠ ᠪᠠᠨ ᠦᠷᠭᠡᠳᠭᠡᠭᠳᠡᠭᠡᠳ ᠨᠢᠭᠡ ᠰᠦᠷᠦᠭᠵᠢᠯ ᠪᠤᠯᠪᠠ᠃ ᠪᠣᠳᠠᠲᠠᠢ ᠪᠠᠷ ᠬᠡᠯᠡᠪᠡᠯ᠂ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠮᠡᠳᠡᠭᠴᠢᠳ ᠤᠨ ᠳᠡᠳ᠋ ᠳᠠᠷᠤᠭ᠎ᠠ᠂ ᠺᠣᠮᠫᠠᠨᠢ ᠶᠢᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠲᠤᠰᠢᠶᠠᠯ ᠤᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠠᠶᠢᠭ᠎ᠠ ᠬᠡᠷᠡᠭ ᠮᠡᠳᠡᠭᠴᠢᠳ᠂ ᠵᠢᠱᠢᠶᠡᠯᠡᠪᠡᠯ ᠳᠡᠳ᠋ ᠵᠠᠬᠢᠷᠤᠯ᠂ ᠡᠳ᠋ ᠤᠨ ᠶᠠᠪᠤᠳᠠᠯ ᠤᠨ ᠶᠡᠷᠦᠩᠬᠡᠢ ᠬᠢᠨᠠᠭᠴᠢ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠡᠷᠡᠭ ᠮᠡᠳᠡᠭᠴᠢᠳ ᠤᠨ ᠬᠤᠷᠠᠯ ᠤᠨ ᠨᠠᠷᠢᠨ ᠪᠢᠴᠢᠭᠡᠴᠢ ᠨᠢ ᠴᠥᠮ ᠺᠣᠮᠫᠠᠨᠢ ᠶᠢᠨ ᠬᠠᠤᠯᠢ ᠶᠣᠰᠣᠨ ᠤ ᠲᠥᠯᠥᠭᠡᠯᠡᠭᠴᠢ ᠪᠣᠯᠵᠤ ᠪᠣᠯᠤᠨ᠎ᠠ᠃

    ᠬᠤᠶᠠᠷ᠂ ᠬᠠᠤᠯᠢ ᠶᠣᠰᠣᠨ ᠤ ᠲᠥᠯᠥᠭᠡᠯᠡᠭᠴᠢ  ᠶᠢ ᠡᠭᠦᠷᠭᠡᠯᠡᠵᠦ ᠪᠠᠶᠢᠭ᠎ᠠ ᠬᠡᠷᠡᠭ ᠮᠡᠳᠡᠭᠴᠢ᠂ ᠵᠠᠬᠢᠷᠤᠯ ᠵᠥᠪᠬᠡᠨ ᠬᠠᠤᠯᠢ ᠶᠣᠰᠣᠨ ᠤ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠵᠤ ᠂ ᠦᠷᠭᠦᠯᠵᠢᠯᠡᠨ ᠺᠣᠮᠫᠠᠨᠢ ᠶᠢᠨ ᠬᠡᠷᠡᠭ ᠮᠡᠳᠡᠭᠴᠢ ᠪᠠ ᠵᠠᠬᠢᠷᠤᠯ ᠤᠨ ᠲᠤᠰᠢᠶᠠᠯ ᠢ ᠡᠭᠦᠷᠭᠡᠯᠡᠵᠦ ᠪᠣᠯᠤᠨ᠎ᠠ ᠤᠤ ᠦᠭᠡᠢ ᠤᠤ︖

    ᠺᠤᠮᠫᠠᠨᠢ ᠶᠢᠨ ᠳᠦᠷᠢᠮ ᠢᠶᠠᠷ ᠲᠣᠭᠲᠠᠭᠠᠨ᠎ᠠ᠃ ᠳᠦᠷᠢᠮ ᠳᠤ ᠬᠠᠤᠯᠢ ᠶᠣᠰᠣᠨ ᠤ ᠲᠥᠯᠥᠭᠡᠯᠡᠭᠴᠢ ᠶᠢᠨ ᠰᠣᠩᠭᠤᠬᠤ ᠪᠠ ᠬᠤᠪᠢᠷᠠᠭᠤᠯᠬᠤ ᠠᠷᠭ᠎ᠠ ᠶᠢ ᠲᠣᠳᠣᠷᠬᠠᠶᠢᠯᠠᠬᠤ ᠬᠡᠷᠡᠭᠲᠡᠢ᠃ ᠳᠦᠷᠢᠮ ᠳᠤ ᠬᠠᠤᠯᠢ ᠶᠣᠰᠣᠨ ᠤ ᠲᠥᠯᠥᠭᠡᠯᠡᠭᠴᠢ ᠶᠢᠨ ᠲᠤᠰᠬᠠᠢ ᠲᠤᠰᠢᠶᠠᠯ ᠠᠴᠠ ᠪᠠᠨ ᠪᠠᠭᠤᠬᠤ ᠠᠷᠭ᠎ᠠ ᠶᠢ ᠲᠣᠭᠲᠠᠭᠠᠵᠤ ᠪᠣᠯᠤᠨ᠎ᠠ ᠃

    ᠭᠤᠷᠪᠠ ᠂ ᠬᠠᠤᠯᠢ ᠶᠣᠰᠣᠨ ᠤ ᠲᠥᠯᠥᠭᠡᠯᠡᠭᠴᠢ ᠳᠤ ᠬᠤᠭᠤᠰᠤᠨ ᠵᠠᠯᠭᠠᠯᠲᠠ ᠶᠢᠨ ᠬᠤᠭᠤᠴᠠᠭ᠎ᠠ ᠪᠠᠶᠢᠵᠤ ᠪᠣᠯᠤᠨ᠎ᠠ ᠤᠤ ᠦᠭᠡᠢ ᠤᠤ︖

ᠬᠠᠤᠯᠢ ᠶᠣᠰᠣᠨ ᠤ ᠲᠥᠯᠥᠭᠡᠯᠡᠭᠴᠢ ᠲᠤᠰᠢᠶᠠᠯ ᠠᠴᠠ ᠪᠠᠨ ᠪᠠᠭᠤᠪᠠᠯ᠂ ᠺᠣᠮᠫᠠᠨᠢ ᠬᠠᠤᠯᠢ ᠶᠣᠰᠣᠨ ᠤ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠬᠠᠤᠯᠢ  ᠶᠣᠰᠣᠨ ᠤ ᠰᠢᠨ᠎ᠡ ᠲᠥᠯᠥᠭᠡᠯᠡᠭᠴᠢ ᠲᠣᠭᠲᠠᠭᠠᠬᠤ ᠬᠡᠷᠡᠭᠲᠡᠶ᠃

 

ᠢᠷᠡᠯᠲᠡ᠄ ᠲᠣᠲᠣᠷᠬᠠᠢ ᠦᠭᠡᠢ