ᠰᠢ ᠶᠢᠨ ᠫᠢᠩ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠣᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/8/1

  ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠪᠦᠭᠦ ᠤᠯᠤᠰ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ ᠂ ᠲᠥᠪ ᠤᠨ ᠪᠠ ᠲᠥᠷᠥ ᠶᠢᠨ ᠪᠠᠶᠢᠭᠤᠯᠭ᠎ᠠ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠠᠩᠬᠠᠨ ᠤ ᠨᠢᠭᠡ ᠺᠢᠯᠣᠮᠧᠲᠷ︾ ᠮᠥᠨ ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

  ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ ᠂ ᠴᠢᠬᠤᠯᠠ ᠶᠡᠭᠡ ᠵᠠᠷᠴᠢᠮ ᠂ ᠴᠢᠬᠤᠯᠠ ᠶᠡᠭᠡ ᠠᠷᠭ᠎ᠠ ᠬᠡᠮᠵᠢᠶ᠎ᠡ ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ ᠂ ᠵᠢᠱᠢᠶ᠎ᠡ ᠦᠵᠡᠭᠦᠯᠭᠦ ᠬᠡᠷᠡᠭᠲᠡᠢ ᠃ ᠨᠠᠮ ᠤᠨ ᠪᠠᠶᠢᠭᠤᠯᠤᠯᠲᠠ ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠦᠢᠯᠡᠳᠦᠯᠭᠡ ᠶᠢᠨ ᠲᠤᠷᠰᠢᠯᠭ᠎ᠠ ᠶᠢ ᠰᠠᠶᠢᠲᠤᠷ ᠳ᠋ᠦᠩᠨᠡᠨ ᠬᠡᠷᠡᠭᠯᠡᠵᠦ ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ ᠂ ᠣᠨᠣᠯ ᠤᠨ ᠵᠡᠪᠰᠡᠭᠯᠡᠯ ᠢ ᠲᠦᠷᠦᠭᠦᠯᠡᠨ ᠭᠦᠨᠵᠡᠭᠡᠶᠢᠷᠡᠭᠦᠯᠵᠦ ᠂ ᠦᠨᠳᠦᠰᠦᠨ ᠱᠠᠲᠤᠨ ᠤ ᠰᠠᠭᠤᠷᠢ ᠶᠢ ᠲᠦᠷᠦᠭᠦᠯᠡᠨ ᠪᠠᠬᠢᠵᠢᠭᠦᠯᠵᠦ ᠂ ᠲᠦᠷᠦᠭᠦᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠨᠢᠭᠡᠳᠦᠭᠡᠷ ᠡᠩᠨᠡᠭᠡ ᠳᠤ ᠰᠠᠶᠢᠲᠤᠷ ᠶᠠᠪᠤᠵᠤ ᠂ ︽ᠭᠤᠷᠪᠠᠨ ᠥᠯᠢᠭᠡᠷ ᠳᠠᠭᠤᠷᠢᠶᠠᠯ︾ ᠪᠣᠯᠵᠤ ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

  ᠲᠥᠪ ᠤᠨ ᠪᠠ ᠲᠥᠷᠥ ᠶᠢᠨ ᠪᠠᠶᠢᠭᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ 31 ᠤ ᠡᠳᠦᠷ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠼᠠᠢ ᠴᠢ ᠬᠤᠷᠠᠯ ᠳᠤ ᠣᠷᠣᠯᠴᠠᠵᠤ ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ ᠃

  ᠼᠠᠢ ᠴᠢ ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠭᠡ ᠴᠣᠭᠴᠠ ᠪᠠᠷ ᠰᠠᠶᠢᠲᠤᠷ ᠰᠤᠷᠤᠯᠴᠠᠨ ᠲᠤᠭᠤᠰᠢᠯᠠᠭᠤᠯᠵᠤ ᠂ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ ᠂ ᠰᠢᠨ᠎ᠡ ᠦᠵᠡᠯᠲᠡ ᠂ ᠰᠢᠨ᠎ᠡ ᠨᠤᠲᠠᠯᠠᠯᠲᠠ ᠶᠢ ᠭᠦᠨᠵᠡᠭᠡᠢ ᠣᠶᠢᠯᠠᠭᠠᠵᠤ ᠂ ᠭᠤᠷᠪᠠᠳᠤᠭᠠᠷ ᠪᠦᠭᠦᠳᠡ ᠬᠤᠷᠠᠯ ᠤᠨ ︽    ᠲᠣᠭᠲᠠᠭᠠᠯ︾ ᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠡᠵᠡᠮᠰᠢᠵᠦ ᠂ ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠃ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠰᠢᠨᠵᠢᠯᠡᠬᠦ ᠤᠬᠠᠭᠠᠨᠴᠢ ᠠᠷᠭ᠎ᠠ ᠶᠢ ᠪᠠᠷᠢᠮᠲᠠᠯᠠᠵᠤ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠂ ᠺᠠᠳ᠋ᠷ ᠤᠨ ᠥᠭᠡᠷᠡᠴᠢᠯᠡᠯᠲᠡ ᠶᠢ ᠠᠳᠬᠤᠬᠤ ᠂ ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

  ᠼᠠᠢ ᠴᠢ ᠣᠶᠢᠷ᠎ᠠ ᠶᠢᠨ ᠵᠢᠯ ᠤᠨ ᠲᠤᠷᠰᠢ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠠᠷᠭ᠎ᠠ ᠬᠢᠳᠡᠯ ᠪᠣᠯᠣᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠴᠢᠩᠭᠠᠳᠬᠠᠵᠤ ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠲᠠᠰᠤᠷᠠᠯᠳᠠ ᠦᠭᠡᠢ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ ᠂ ︽ᠲᠦᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠨᠢᠭᠡᠳᠦᠭᠡᠷ ᠵᠢᠭᠰᠠᠭᠠᠯ ᠢ ᠴᠢᠩᠭᠠᠳᠬᠠᠬᠤ ᠬᠡᠷᠡᠭᠲᠡᠢ ᠃ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ ᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ ᠂ ᠵᠠᠯᠠᠭᠤ ᠺᠠᠳ᠋ᠷᠴᠤᠳ ᠢ ᠬᠥᠮᠥᠵᠢᠭᠦᠯᠦᠨ ᠬᠥᠲᠥᠯᠥᠨ ᠳᠠᠭᠠᠭᠤᠯᠬᠤ ᠪᠠᠨ ᠴᠢᠩᠭᠠᠳᠬᠠᠬᠤ ᠭᠡᠷᠡᠭᠲᠡᠶ︔ ᠳᠤᠲᠠᠭᠤᠳᠠᠯ ᠢ ᠨᠥᠬᠦᠪᠦᠷᠢᠯᠡᠬᠦ ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ ᠂ ᠴᠢᠳᠠᠮᠵᠢ ᠶᠢ ᠴᠢᠩᠭᠠᠳᠬᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠭᠡᠷᠡᠭᠲᠡᠢ︔ ᠦᠷᠭᠦᠯᠵᠢᠯᠡᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠵᠦ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ ᠂ ᠪᠠᠶᠢᠩᠭᠤ ᠶᠢᠨ ᠴᠢᠨᠠᠷ ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠬᠤ ᠭᠡᠷᠡᠭᠲᠡᠢ︔ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠳᠦᠷᠢᠮ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠵᠤ ᠂ ᠨᠠᠮ ᠤᠨ ᠪᠠᠶᠢᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

  ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠂ ᠲᠥᠪ ᠤᠨ ᠭᠠᠳᠠᠭᠠᠳᠤ ᠲᠠᠢ ᠬᠤᠯᠪᠤᠭ᠎ᠠ ᠠᠪᠬᠤ ᠬᠡᠯᠲᠡᠰ ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ ᠃

  ᠵᠢᠶᠠᠩ ᠰᠢᠨ ᡁᠢ ᠬᠤᠷᠠᠯ ᠳᠤ ᠣᠷᠣᠯᠴᠠᠪᠠ ᠃

  ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠂ ᠪᠠᠶᠢᠩᠭᠤ ᠶᠢᠨ ᠳᠡᠳ᠋ ᠱᠦᠵᠢ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃

 

 

ᠢᠷᠡᠯᠲᠡ᠄ ᠣᠷᠣᠯᠴᠠᠵᠤ ᠶᠠᠷᠢᠶ᠎ᠠ ᠲᠠᠯᠪᠢᠪᠠ