ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠬᠦᠴᠦᠷᠬᠡᠭ ᠶᠡᠭᠡ ᠪᠠᠲᠤ ᠪᠠᠬᠢ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/8/1

  ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠦᠳᠡ ᠶᠢᠨ ᠬᠤᠶᠢᠨ᠎ᠠ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠵᠤ ᠂ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠳᠣᠲᠣᠭᠠᠳᠤ ᠱᠠᠭᠠᠷᠳᠠᠯᠭ᠎ᠠ ᠮᠥᠨ ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠪᠠᠶᠢᠪᠠᠰᠤ ᠵᠣᠬᠢᠬᠤ ᠠᠭᠤᠯᠭ᠎ᠠ ᠮᠥᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠣᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠰᠠᠭᠤᠷᠢᠯᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠡᠵᠡᠮᠳᠡᠵᠦ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠬᠦᠴᠦᠷᠬᠡᠭ ᠶᠡᠭᠡ ᠪᠠᠲᠤ ᠪᠠᠬᠢ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

  ᠡᠨᠡ ᠤᠳᠠᠭ᠎ᠠ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ︽ 8 · 1 ︾ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠡᠨ ᠶᠠᠪᠤᠭᠳᠠᠪᠠ ᠃ ᠰᠢ ᠶᠢᠨ ᠫᠢᠩ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠠᠳ ᠤᠨ ᠴᠢᠯᠦᠭᠡᠯᠡᠬᠦ ᠴᠡᠷᠢᠭ ᠤᠨ ᠪᠦᠭᠦ ᠵᠢᠯᠣᠭᠤᠳᠤᠭᠴᠢ ᠪᠠᠶᠢᠯᠳᠤᠭᠴᠢ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ ︕

  ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠠᠮᠲᠤᠷᠠᠭᠰᠠᠨ ᠱᠲ᠋ᠠᠪ ᠤᠨ ᠭᠠᠵᠠᠷ ᠤᠨ ᠬᠤᠸᠠᠩ ᠵᠢᠢ ᠵᠦᠩ ᠨᠥᠬᠦᠷ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠰᠠᠭᠤᠳᠠᠯ ᠤᠨ ᠲᠤᠬᠠᠢ ᠲᠠᠶᠢᠯᠤᠮᠵᠢ ᠬᠢᠵᠦ ᠂ ᠠᠵᠢᠯ ᠤᠨ ᠰᠠᠨᠠᠭᠤᠯᠭ᠎ᠠ ᠳᠤᠷᠠᠳᠪᠠ ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ ᠃

  ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠡᠷᠬᠡ ᠮᠡᠳᠡᠯ ᠤᠨ ᠴᠢᠬᠤᠯᠠ ᠪᠡᠯᠭᠡ ᠲᠡᠮᠳᠡᠭ ᠂ ᠤᠯᠤᠰ ᠤᠨ ᠠᠮᠤᠷ ᠲᠦᠪᠰᠢᠨ ᠤ ᠴᠢᠬᠤᠯᠠ ᠪᠣᠭᠤᠮᠲᠠ ᠂ ᠤᠯᠤᠰ ᠤᠨ ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ ᠂ ᠮᠠᠨ ᠤ ᠨᠠᠮ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠵᠤ ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠂ ᠬᠦᠴᠦᠨ ᠤ ᠪᠦᠲᠦᠴᠡ ᠂ ᠲᠦᠷᠦ ᠶᠢᠨ ᠪᠣᠳᠣᠯᠭ᠎ᠠ ᠳᠦᠷᠢᠮ ᠵᠡᠷᠭᠡ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢ ᠤᠳᠤᠷᠢᠳᠤᠨ ᠬᠡᠷᠡᠭᠵᠢᠭᠦᠯᠵᠦ ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠠᠯᠢ ᠤᠯᠠᠨ ᠴᠢᠬᠤᠯᠠ ᠶᠡᠭᠡ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠦ ᠂ ᠮᠠᠨ ᠤ ᠤᠯᠤᠰ ᠤᠨ ᠨᠤᠲᠤᠭ ᠳᠡᠪᠢᠰᠬᠡᠷ ᠤᠨ ᠡᠷᠬᠡ ᠮᠡᠳᠡᠯ ᠪᠠ ᠲᠠᠯᠠᠢ ᠲᠠᠩᠭᠢᠰ ᠤᠨ ᠡᠷᠬᠡ ᠠᠰᠢᠭ ᠢ ᠬᠦᠴᠦᠲᠡᠢ ᠬᠠᠮᠠᠭᠠᠯᠠᠵᠤ ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠢ ᠬᠠᠮᠠᠭᠠᠯᠠᠪᠠ ᠃ ᠮᠠᠨ ᠤ ᠤᠯᠤᠰ ᠤᠨ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ ᠰᠢᠨ᠎ᠡ ᠭᠠᠷᠤᠭ᠎ᠠ ᠳᠡᠭᠡᠷ᠎ᠡ ᠵᠣᠭᠰᠣᠵᠠᠢ ᠭᠡᠵᠦ ᠵᠢᠭᠠᠵᠤ ᠭᠠᠷᠭᠠᠪᠠ ᠃

  ᠰᠢ ᠶᠢᠨ ᠫᠢᠩ ᠂ ᠣᠳᠣᠬᠠᠨ ᠳᠤ ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠳᠦᠨ ᠤᠯᠠᠷᠢᠵᠤ ᠂ ᠮᠠᠨ ᠤ ᠤᠯᠤᠰ ᠤᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠳᠣᠲᠣᠭᠠᠳᠤ ᠠᠭᠤᠯᠤᠭᠳᠠᠬᠤᠨ ᠪᠣᠯᠣᠨ ᠭᠠᠳᠠᠭᠰᠢ ᠲᠡᠯᠡᠷᠡᠯ ᠳᠤ ᠭᠦᠨᠵᠡᠭᠡᠢ ᠬᠤᠪᠢᠷᠠᠯᠲᠠ ᠭᠠᠷᠴᠤ ᠂ ᠨᠥᠯᠥᠭᠡᠯᠡᠬᠦ ᠬᠦᠴᠦᠨ ᠵᠦᠢᠯ ᠨᠠᠩ ᠨᠠᠷᠢᠨ ᠪᠤᠳᠤᠯᠢᠶᠠᠨᠲᠠᠢ ᠪᠣᠯᠵᠤ ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠵᠠ ᠲᠣᠭᠢᠶᠠᠯ ᠪᠣᠯᠣᠨ ᠥᠷᠢᠰᠦᠯᠳᠦᠭᠡᠨ ᠲᠤᠯᠭᠠᠷᠠᠵᠤ ᠪᠠᠶᠢᠨ᠎ᠠ ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠪᠦᠭᠦ ᠲᠠᠯ᠎ᠠ ᠪᠠᠷ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ ᠂ ᠤᠯᠤᠰ ᠢᠶᠠᠨ ᠬᠠᠮᠠᠭᠠᠯᠠᠵᠤ ᠬᠢᠯᠢ ᠪᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠪᠠ ᠬᠢᠯᠢ ᠳᠠᠭᠠᠤ ᠲᠠᠯᠠᠢ ᠳᠠᠭᠠᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠴᠢᠩᠭᠠᠳᠬᠠᠵᠤ ᠂ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠵᠤ ᠴᠢᠳᠠᠬᠤ ᠮᠥᠷᠲᠡᠭᠡᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠵᠤ ᠴᠢᠳᠠᠬᠤ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠤᠢ ᠪᠤᠯᠭᠠᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ ᠂ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠰᠢᠨ᠎ᠡ ᠠᠷᠭ᠎ᠠ ᠪᠠᠷᠢᠯ ᠪᠣᠯᠣᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ ᠂ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠪᠣᠰᠤᠭ᠎ᠠ ᠴᠣᠭᠴᠠᠲᠤ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠬᠤ ᠬᠡᠷᠡᠭᠲᠡᠢ ᠃ ᠬᠤᠯᠪᠣᠭᠳᠠᠯ ᠪᠦᠬᠦᠢ ᠤᠯᠤᠰ ᠯᠤᠭ᠎ᠠ ᠶᠢᠨ ᠡᠶᠡᠯᠳᠡᠭ ᠬᠥᠷᠰᠢ ᠶᠢᠨ ᠨᠥᠭᠦᠷᠰᠡᠭ ᠶᠠᠪᠤᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠡᠷᠭᠢᠨ ᠲᠣᠭᠤᠷᠢᠨ ᠤ ᠣᠷᠴᠢᠨ ᠨᠥᠬᠦᠴᠡᠯ ᠢ ᠪᠤᠢ ᠪᠤᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ ᠃

  ᠰᠢ ᠶᠢᠨ ᠫᠢᠩ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ ᠂ ᠨᠢᠭᠡᠨᠲᠡ ᠣᠯᠣᠭᠰᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ ᠂ ᠨᠢᠭᠡᠨᠲᠡ ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠲᠠᠷᠠᠭᠠᠴᠢ ᠶᠢᠨ ᠥᠭᠡᠷᠡᠴᠢᠯᠡᠯᠲᠡ ᠶᠢᠨ ᠲᠥᠯᠦᠪᠵᠢᠭᠦᠯᠭᠡ ᠶᠢ ᠴᠢᠩᠭᠠᠳᠬᠠᠵᠤ ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ ᠃ ᠠᠵᠢᠯᠯᠠᠭᠤᠯᠬᠤ ᠶᠢᠨ ᠳᠠᠭᠠᠤ ᠥᠭᠡᠷᠡᠴᠢᠯᠡᠯᠲᠡ ᠬᠢᠬᠦ ᠂ ᠲᠡᠭᠦᠯᠳᠡᠷᠵᠢᠭᠦᠯᠬᠦ ᠶᠢ ᠪᠠᠷᠢᠮᠲᠠᠯᠠᠵᠤ ᠂ ᠬᠢᠯᠢ ᠳᠠᠯᠠᠢ ᠶᠢᠨ ᠰᠡᠷᠭᠡᠶᠢᠯᠡᠯᠲᠡ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠢ ᠰᠢᠯᠢᠳᠡᠭᠵᠢᠭᠦᠯᠵᠦ ᠂ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠂ ᠬᠤᠯᠪᠣᠭᠳᠠᠯ ᠪᠦᠬᠦᠢ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ ᠂ ᠬᠢᠯᠢ ᠳᠠᠯᠠᠢ ᠶᠢᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠂ ᠢᠯᠭᠤᠮ ᠤᠷᠤᠭᠰᠢᠲᠠᠢ ᠪᠥᠭᠡᠳ ᠥᠨᠳᠥᠷ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠤᠯᠤᠰ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ ᠂ ᠳᠣᠣᠷ᠎ᠠ ᠠᠭᠠᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠵᠦ ᠂ ᠣᠳᠣ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

  ᠰᠢ ᠶᠢᠨ ᠫᠢᠩ ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠨᠢ ᠴᠡᠷᠢᠭ ᠠᠩᠭᠢ ᠪᠠ ᠣᠷᠣᠨ ᠨᠤᠲᠤᠭ ᠤᠨ ᠣᠯᠠᠨ ᠰᠠᠯᠠᠭ᠎ᠠ ᠮᠥᠴᠢᠷ ᠂ ᠣᠯᠠᠨ ᠲᠠᠰ ᠳᠠᠪᠬᠤᠷᠭ᠎ᠠ ᠳᠤ ᠬᠤᠯᠪᠣᠭᠳᠠᠵᠤ ᠪᠠᠶᠢᠳᠠᠭ ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠳᠠᠪᠠᠭᠤᠯᠢᠭ ᠢ ᠪᠠᠳᠠᠷᠠᠭᠤᠯᠵᠤ ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠴᠡᠷᠢᠭ ᠠᠩᠭᠢ ᠪᠠ ᠣᠷᠣᠨ ᠨᠤᠲᠤᠭ ᠤᠨ ᠲᠥᠯᠥᠪᠯᠡᠭᠡ ᠶᠢ ᠵᠣᠯᠭᠠᠭᠤᠯᠬᠤ ᠂ ᠡᠭᠦᠷᠭᠡ ᠶᠢ ᠵᠣᠯᠭᠠᠭᠤᠯᠬᠤ ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ ᠂ ᠴᠡᠷᠢᠭ ᠴᠠᠭᠳᠠᠭ᠎ᠠ ᠠᠷᠠᠳ ᠬᠤᠯᠪᠤᠭᠠᠯᠠᠨ ᠰᠡᠷᠭᠡᠶᠢᠯᠡᠵᠦ ᠵᠢᠯᠤᠭᠤᠳᠬᠤ ᠪᠠ ᠠᠵᠢᠯᠯᠠᠭᠠᠨ ᠤ ᠬᠠᠮᠵᠢᠯᠴᠠᠭ᠎ᠠ ᠶᠢ ᠴᠢᠩᠭᠠᠳᠬᠠᠵᠤ ᠂ ᠨᠢᠭᠡ ᠬᠥᠯᠭᠡ ᠰᠢᠲᠠᠷ᠎ᠠ ᠶᠢ ᠪᠦᠷᠢᠯᠳᠦᠭᠦᠯᠵᠦ ᠂ ᠨᠢᠭᠲᠠᠷᠠᠨ ᠪᠦᠯᠬᠦᠮᠳᠡᠬᠦ ᠬᠡᠷᠡᠭᠲᠡᠢ ᠃ ᠴᠡᠷᠢᠭ ᠠᠩᠭᠢ ᠣᠷᠣᠨ ᠨᠤᠲᠤᠭ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠯᠣᠯᠴᠠᠭ᠎ᠠ ᠵᠣᠬᠢᠴᠠᠭᠤᠯᠭ᠎ᠠ ᠪᠠᠨ ᠰᠠᠶᠢᠲᠤᠷ ᠬᠢᠵᠦ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠨ ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠪᠠ ᠪᠠᠬᠢᠵᠢᠭᠦᠯᠬᠦ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

 

 

 

ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ