ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠠᠵᠢᠯ ᠤᠳ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/1

  ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 31 ᠤ ᠡᠳᠦᠷ ᠤᠨ ᠴᠠᠭᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 31 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ ᠂ ︽ᠪᠦᠭᠦᠳᠡ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ ︵ ᠵᠠᠰᠠᠪᠤᠷᠢ ᠣᠷᠣᠭᠤᠯᠤᠭᠰᠠᠨ ᠲᠥᠰᠥᠯ︶︾ ᠪᠠ ︽ᠪᠦᠭᠦᠳᠡ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠤᠯᠤᠰ ᠤᠨ ᠴᠡᠴᠡᠷᠯᠢᠭ ᠤᠨ ᠬᠠᠤᠯᠢ ︵ᠡᠬᠡ ᠲᠥᠰᠥᠯ︶︾ ᠶᠢ ᠶᠠᠷᠢᠯᠴᠠᠪᠠ᠃

  ᠬᠤᠷᠠᠯᠳᠤᠭᠠᠨ ᠢᠶᠠᠷ ᠂ ᠦᠵᠡᠯ ᠰᠠᠨᠠᠭ᠎ᠠ ᠪᠠ ᠲᠠᠨᠢᠯᠲᠠ ᠪᠠᠨ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠳᠤ ᠨᠢᠭᠡᠳᠬᠡᠵᠦ᠂ ᠢᠲᠡᠭᠡᠯ ᠪᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ᠂ ᠭᠦᠨᠵᠡᠭᠡᠢ᠂ ᠲᠤᠶᠢᠯᠪᠤᠷᠢᠲᠠᠢ ᠬᠢᠵᠦ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠪᠠᠶᠢᠳᠠᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠᠲᠤ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ ᠴᠢᠩᠭᠠᠳᠬᠠᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ ᠂ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠂ ᠠᠬᠢᠴᠠ ᠶᠢ ᠲᠦᠷᠭᠡᠳᠬᠡᠬᠦ ᠪᠠᠷ ᠪᠠᠷᠠᠬᠤ ᠦᠭᠡᠢ ᠨᠢᠭᠡ ᠪᠦᠯᠦᠭ ᠬᠡᠷᠡᠭᠵᠢᠭᠦᠯᠬᠦ ᠴᠢᠨᠠᠷ ᠢᠶᠠᠷ ᠴᠢᠩᠭ᠎ᠠ᠂ ᠦᠷ᠎ᠡ ᠪᠦᠲᠦᠮᠵᠢ ᠪᠠᠷ ᠰᠠᠶᠢᠨ᠂ ᠤᠯᠠᠨ ᠲᠦᠮᠡᠨ ᠪᠠ ᠠᠵᠤ ᠠᠬᠤᠶᠢᠯᠠᠯ ᠳᠤ ᠮᠡᠳᠡᠭᠳᠡᠬᠦᠶᠢᠴᠡ ᠠᠰᠢᠭ ᠬᠦᠷᠲᠡᠭᠡᠭᠦᠶᠢᠴᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠡᠭᠦᠬᠡᠨ ᠰᠤᠳᠤᠯᠤᠨ ᠲᠣᠭᠲᠠᠭᠠᠬᠤ ᠬᠡᠷᠡᠭᠲᠡᠢ᠃ ᠭᠤᠣᠯᠳᠠᠯᠭ᠎ᠠ ᠶᠢ ᠲᠣᠪᠤᠶᠢᠯᠭᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠮᠵᠢ ᠪᠠ ᠠᠷᠭ᠎ᠠ ᠬᠢᠳᠡᠯ ᠳᠤ ᠪᠠᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠰᠢᠪᠲᠤᠯᠤᠯᠲᠠ ᠭᠠᠷᠭᠠᠵᠤ ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ᠤᠯᠠᠮ ᠨᠢᠭᠡ ᠠᠯᠬᠤᠮ ᠵᠢᠱᠢᠯᠲᠡ ᠶᠢ ᠲᠣᠭᠲᠠᠪᠤᠷᠢᠵᠢᠭᠤᠯᠤᠨ ᠢᠲᠡᠭᠡᠯ ᠢᠶᠠᠨ ᠪᠠᠲᠤᠳᠬᠠᠵᠤ᠂ ᠦᠨᠡᠨ ᠪᠣᠳᠠᠲᠠᠢ ᠪᠠᠷ ᠠᠵᠢᠯᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠥᠭᠡᠷᠡᠴᠢᠯᠡᠯᠲᠡ ᠶᠢᠨ ᠠᠵᠢᠯᠯᠠᠭ᠎ᠠ ᠳᠤ ᠲᠦᠰᠢᠭᠯᠡᠨ᠂ ᠨᠠᠩ ᠣᠯᠠᠨ ᠢᠳᠡᠪᠬᠢᠲᠡᠢ ᠳᠣᠬᠢᠶ᠎ᠠ ᠲᠠᠯᠪᠢᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢᠶᠠᠨ ᠪᠣᠯᠭᠠᠵᠤ ᠪᠠᠶᠢᠭᠠᠳ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯᠳᠤᠭᠠᠨ ᠢᠶᠠᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ ︵ ᠵᠠᠰᠠᠪᠤᠷᠢ ᠣᠷᠣᠭᠤᠯᠤᠭᠰᠠᠨ ᠲᠥᠰᠥᠯ︶ ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠴᠡᠴᠡᠷᠯᠢᠭ ᠤᠨ ᠬᠠᠤᠯᠢ ︵ ᠲᠥᠰᠥᠯ︶︾ ᠶᠢ ᠶᠠᠷᠢᠯᠴᠠᠭᠰᠠᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ ᠂ ᠬᠤᠶᠠᠷ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠪᠠᠲᠤᠯᠠᠭᠤᠯᠬᠤ ᠪᠠᠷ ᠲᠣᠭᠲᠠᠪᠠ᠃ ᠬᠤᠷᠠᠯᠳᠤᠭᠠᠨ ᠢᠶᠠᠷ ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠪᠠ ᠴᠢᠯᠦᠭᠡᠲᠡᠢ ᠶᠠᠪᠤᠯᠴᠠᠬᠤ ᠶᠢ ᠥᠷᠭᠡᠳᠬᠡᠬᠦ ᠳᠤ ᠬᠥᠨᠳᠡᠯᠡᠨ ᠠᠴᠠ ᠲᠠᠰᠤᠯᠬᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠣᠯᠠᠨ ᠤᠯᠤᠰ ᠤᠨ ᠲᠡᠷᠢᠭᠦᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠬᠠᠷᠭᠤᠭᠤᠯᠤᠨ ᠪᠠᠶᠢᠴᠠᠭᠠᠵᠤ ᠂ ᠮᠠᠨ ᠤ ᠤᠯᠤᠰ ᠤᠨ ᠬᠥᠨᠳᠡᠯᠡᠨ ᠠᠴᠠ ᠲᠠᠰᠤᠯᠬᠤ ᠶᠢᠨ ᠢᠲᠡᠭᠡᠭᠦᠯᠬᠦ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠨᠥᠯᠥᠭᠡᠯᠡᠬᠦ ᠬᠦᠴᠦᠨ ᠪᠦᠬᠦᠢ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠤᠨ ᠬᠠᠤᠯᠢ ᠶᠢ ᠲᠣᠭᠲᠠᠭᠠᠬᠤ ᠪᠠᠷ ᠲᠣᠬᠢᠶᠠᠯ ᠢᠶᠠᠨ ᠪᠣᠯᠭᠠᠵᠤ᠂ ᠤᠯᠤᠰ ᠤᠨ ᠴᠡᠴᠡᠷᠯᠢᠭ ᠢ ᠬᠠᠮᠠᠭᠠᠯᠠᠬᠤ ᠪᠠ ᠬᠠᠮᠢᠶᠠᠷᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠂ ᠤᠯᠠᠨ ᠲᠠᠯ᠎ᠠ ᠶᠢᠨ ᠬᠢᠨ ᠣᠷᠣᠯᠴᠠᠭᠰᠠᠨ ᠂ ᠨᠡᠶᠢᠭᠡᠮ ᠨᠡᠶᠢᠲᠡ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢ ᠬᠠᠮᠠᠭᠠᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

  ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ ᠃

 

 

ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ