ᠪᠥᠬᠦ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/12

    ᠮᠡᠳᠡᠯᠭᠡ ᠶᠢᠨ ᠥᠮᠴᠢᠯᠡᠯ ᠤᠨ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠤ ᠦᠢᠯᠡᠰ ᠤᠨ ᠵᠠᠮᠴᠢᠯᠠᠬᠤ ᠠᠵᠢᠯ ᠤᠨ ᠣᠷᠣᠨ ᠪᠦᠰᠡ ᠶᠢᠨ ᠤᠨᠴᠠᠯᠢᠭᠳᠤ ᠠᠵᠤ ᠦᠢᠯᠡᠰ ᠲᠤ ᠦᠵᠡᠭᠦᠯᠬᠦ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠶ ᠠᠰᠢᠭ ᠤᠨ ᠮᠡᠳᠡᠭᠡ ᠵᠠᠩᠭᠢ ᠶᠢᠨ ᠵᠠᠳᠠᠯᠤᠯᠲᠠ ᠬᠢᠭᠡᠳ ᠠᠵᠤ ᠦᠢᠯᠡᠰ ᠤᠨ ᠠᠵᠢᠯᠯᠠᠭᠠᠨ ᠤ ᠰᠢᠢᠳᠪᠦᠷᠢᠲᠦ ᠪᠣᠳᠣᠯᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ︵ᠬᠢᠲᠠᠳ︶ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠨ ᠳᠠᠬᠢ ᠥᠨᠳᠥᠷ ᠥᠷᠲᠡᠭᠲᠦ ᠲᠤᠰᠬᠠᠶ ᠠᠰᠢᠭ ᠢ ᠡᠭᠦᠳᠬᠦ ᠪᠠ ᠤᠯᠠᠷᠢᠭᠤᠯᠬᠤ ᠶᠢ ᠠᠬᠢᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ 8 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠪᠥᠬᠦ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠬᠤᠷᠠᠯ ᠢ ᠡᠷᠭᠢᠯᠡᠪᠡ᠃

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠨᠣᠯ ᠤᠨ ᠰᠤᠳᠤᠯᠭᠠᠨ ᠵᠢᠴᠢ ᠦᠢᠯᠡᠳᠦᠯᠭᠡ ᠶᠢᠨ ᠰᠠᠭᠤᠷᠢᠨ ᠭᠠᠵᠠᠷ᠂ ᠪᠥᠬᠦ ᠣᠷᠣᠨ ᠤ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ᠂ ᠬᠢᠲᠠᠳ ︵ᠮᠣᠩᠭᠤᠯ︶ ᠡᠮ ᠡᠮᠨᠡᠯᠭᠡ ᠶᠢᠨ ᠰᠢᠨᠵᠢᠯᠡᠭᠡᠨ ᠳᠤ ᠬᠤᠯᠪᠣᠭᠳᠠᠭᠰᠠᠨ ᠶᠡᠭᠡ ᠳᠡᠭᠡᠳᠦ ᠰᠤᠷᠭᠠᠭᠤᠯᠢ᠂ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠨ ᠳᠠᠬᠢ ᠠᠵᠤ ᠠᠬᠤᠶᠢᠯᠠᠯ ᠤᠨ 50 ᠭᠠᠷᠤᠶ ᠲᠥᠯᠥᠭᠡᠯᠡᠭᠴᠢ ᠬᠤᠷᠠᠯ ᠳᠤ ᠣᠷᠣᠯᠴᠠᠪᠠ᠃

    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠤᠨ ᠲᠤᠬᠠᠶ ᠰᠢᠰᠲ᠋ᠧᠮ ᠲᠠᠢ ᠲᠠᠨᠢᠯᠴᠠᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠭᠤᠯᠤᠨ ᠠᠪᠴᠢᠷᠠᠬᠤ᠂ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠪᠤᠶᠢᠵᠢᠭᠤᠯᠬᠤ᠂ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠲᠤᠰᠬᠠᠶ ᠠᠰᠢᠭ ᠤᠨ ᠬᠡᠷᠡᠭᠯᠡᠯᠲᠡ ᠶᠢ ᠬᠤᠪᠢᠷᠠᠭᠤᠯᠬᠤ ᠵᠡᠷᠭᠡ ᠲᠠᠯ᠎ᠠ ᠪᠠᠷ᠂ ᠪᠥᠬᠦ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠡᠷᠡᠭᠦᠯ ᠬᠥᠭᠵᠢᠯᠲᠡ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠲᠤᠯᠠᠭ᠎ᠠ ᠪᠠ ᠰᠠᠨᠠᠭᠤᠯᠭ᠎ᠠ ᠬᠠᠩᠭᠠᠭᠰᠠᠨ ᠪᠥᠭᠡᠳ ᠲᠠᠷᠠᠭᠠᠴᠢ ᠶᠢᠨ ᠠᠯᠬᠤᠮ ᠳᠤ ᠬᠢᠲᠠᠳ ︵ᠮᠣᠩᠭᠤᠯ︶ ᠡᠮ ᠡᠮᠨᠡᠯᠭᠡ ᠶᠢᠨ ᠬᠦᠷᠢᠶᠡᠨ ᠳᠠᠬᠢ ᠲᠤᠰᠬᠠᠶ ᠠᠰᠢᠭ ᠢ ᠬᠤᠪᠢᠷᠠᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠤᠨ ᠲᠣᠭᠤᠷᠢᠨ ᠳᠤ ᠲᠣᠰ ᠨᠢᠭᠡᠴᠢ ᠶᠢᠨ ᠢᠶᠠᠨ ᠬᠢᠲᠠᠳ ︵ᠮᠣᠩᠭᠤᠯ︶ ᠡᠮ ᠡᠮᠨᠡᠯᠭᠡ ᠶᠢᠨ ᠬᠦᠷᠢᠶᠡᠨ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ ᠶᠢ ᠲᠠᠨᠢᠯᠴᠠᠭᠤᠯᠪᠠ᠃

    ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢᠨ ︽ᠵᠦᠭᠯᠡᠭᠦᠷ︾ ᠮᠥᠨ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠬᠥᠭᠵᠢᠯᠲᠡ ᠶᠢᠨ ᠲᠦᠭᠰᠢᠭᠦᠷᠢ ᠠᠴᠠ ᠵᠠᠶᠢᠯᠠᠬᠤ ︽ᠠᠶᠤᠩᠭ᠎ᠠ ᠵᠠᠶᠢᠯᠠᠭᠤᠯᠤᠭᠴᠢ︾ ᠂ ᠲᠤᠰᠬᠠᠢ ᠠᠰᠢᠭ ᠤᠨ ᠪᠠᠶᠢᠷᠢᠯᠠᠭᠤᠯᠤᠯᠲᠠ ᠶᠢ ᠥᠷᠨᠢᠭᠦᠯᠬᠦ ︽ᠬᠠᠳᠬᠤᠮᠠᠯ ᠤᠨ ᠵᠡᠭᠦᠦ ︾ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ ᠨᠢ ᠲᠣᠰ ᠤᠳᠠᠭᠠᠨ ᠤ ᠲᠤᠰᠬᠠᠶ ᠠᠰᠢᠭ ᠤᠨ ᠵᠠᠮᠴᠢᠯᠠᠭ᠎ᠠ ᠶᠢ ᠳᠥᠯᠭᠢᠨ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠦᠨ᠂ ᠦᠢᠯᠡᠴᠢᠯᠡᠭᠡ ᠬᠠᠩᠭᠠᠬᠤ᠂ ᠰᠢᠨ᠎ᠡ ᠶᠢ ᠡᠭᠦᠳᠦᠨ ᠪᠤᠶᠢᠵᠢᠭᠤᠯᠬᠤ᠂ ᠵᠠᠮᠴᠢᠯᠠᠯ ᠢᠶᠠᠷ ᠬᠥᠲᠥᠯᠦᠨ ᠳᠠᠭᠠᠭᠤᠯᠬᠤ ᠶᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠭᠤᠤᠯ ᠴᠣᠭᠴᠠ ᠶᠢ ᠬᠠᠪᠰᠤᠷᠤᠨ ᠭᠤᠤᠯᠯᠠᠬᠤ ᠮᠡᠷᠭᠡᠵᠢᠯ ᠤᠨ ᠰᠤᠳᠤᠯᠤᠨ ᠨᠡᠭᠡᠭᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠲᠤᠰᠬᠠᠶ ᠠᠰᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢ ᠬᠤᠪᠢᠷᠠᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠪᠡ ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ