ᠲᠤᠭ᠎ᠠ ᠬᠡᠮᠵᠢᠶ᠎ᠡ ᠨᠢ 58 ᠳᠤ ᠬᠦᠷᠪᠡ︕ ᠥᠪᠥᠷ ᠮᠣᠩᠭᠤᠯ ᠤᠨ ᠰᠢᠨ᠎ᠡ ᠪᠠᠷ ᠨᠡᠮᠡᠭᠳᠡᠭᠰᠡᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ 12 ᠬᠤᠪᠢᠶᠠᠷᠢ ᠲᠥᠪ ︵ᠠᠵᠢᠯ ᠤᠨ ᠥᠷᠲᠡᠭᠡ︶ ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/8/13

    ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠤᠯᠤᠰ ᠤᠨ ᠮᠡᠳᠡᠯᠭᠡ ᠲᠠᠷᠬᠠᠭᠠᠭᠰᠠᠨ ᠪᠠᠲᠤᠯᠠᠭ᠎ᠠ ᠦᠰᠦᠭ ﹇ 2020﹈ 22 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠲᠥᠯᠥᠪᠵᠢᠭᠦᠯᠭᠡ︾ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠠᠯᠠᠮᠵᠢ ᠶᠢᠨ ᠬᠤᠪᠢᠶᠠᠷᠢ ᠲᠥᠪ ︵ᠠᠵᠢᠯ ᠤᠨ ᠥᠷᠲᠡᠭᠡ︶ ᠢ ᠪᠤᠶᠢᠵᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠵᠡᠷᠭᠡ ᠳᠠᠷᠠᠭᠠᠯᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠲᠤᠰᠬᠠᠶ ᠰᠡᠳᠦᠪᠲᠦ ᠬᠤᠷᠠᠯ ᠢᠶᠠᠷ ᠰᠤᠳᠤᠯᠬᠤ ᠪᠠᠷ ᠳᠡᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠳᠤ ᠮᠡᠳᠡᠭᠦᠯᠦᠨ ᠵᠥᠪᠰᠢᠶᠡᠷᠡᠭᠦᠯᠦᠭᠡᠳ᠂ ︽ᠤᠯᠠᠭᠠᠨᠴᠠᠪ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠲᠥᠪ︾ ᠵᠡᠷᠭᠡ 12 ᠨᠢᠭᠡᠴᠢ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠲᠥᠪ ︵ᠠᠵᠢᠯ ᠤᠨ ᠥᠷᠲᠡᠭᠡ︶ ᠪᠠᠶᠢᠭᠤᠯᠬᠤ ᠶᠢ ᠵᠥᠪᠰᠢᠶᠡᠷᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢᠭᠡᠨᠲᠡ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠬᠤᠪᠢᠶᠠᠷᠢ ᠲᠥᠪ ︵ᠠᠵᠢᠯ ᠤᠨ ᠥᠷᠲᠡᠭᠡ︶ ᠤᠨ ᠲᠤᠭ᠎ᠠ ᠬᠡᠮᠵᠢᠶ᠎ᠡ 58 ᠡᠷᠦᠬᠡ ᠳᠤ ᠬᠦᠷᠴᠦ᠂ ︽ᠬᠤᠶᠠᠷ ᠭᠤᠯᠳᠤ ᠭᠤᠷᠪᠠᠨ ᠬᠥᠨᠳᠡᠯᠡᠨ︾ ︽ᠴᠡᠭ ᠱᠤᠭᠤᠮ ᠪᠥᠬᠦ ᠬᠡᠯᠬᠢᠶ᠎ᠡ︾ ᠶᠢ ᠤᠶᠠᠯᠳᠤᠭᠤᠯᠤᠭᠰᠠᠨ ᠪᠣᠰᠤᠭ᠎ᠠ ᠴᠣᠭᠴᠠᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠠᠵᠢᠯ ᠤᠨ ᠲᠣᠭᠲᠠᠯᠴᠠᠭ᠎ᠠ ᠶᠢ ᠠᠩᠬ᠎ᠠ ᠠᠯᠬᠤᠮ ᠪᠣᠶ ᠪᠣᠯᠭᠠᠪᠠ᠃

 

2.png


    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠪᠠᠨ ᠬᠠᠮᠠᠭᠠᠯᠠᠬᠤ ᠶᠢ ᠲᠤᠰᠠᠯᠠᠬᠤ ᠬᠤᠪᠢᠶᠠᠷᠢ ᠲᠥᠪ ︵ᠠᠵᠢᠯ ᠤᠨ ᠥᠷᠲᠡᠭᠡ︶ ᠤᠨ ᠨᠡᠶᠢᠲᠡᠯᠡᠭᠰᠡᠨ ᠨᠡᠷᠡᠰ

ᠳ᠋ᠤᠭᠠᠷᠯᠠᠯ᠄ 1

ᠨᠢᠭᠡᠴᠢ ᠶᠢᠨ ᠨᠡᠷᠡᠶᠢᠳᠦᠯ ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠬᠢᠨᠠᠨ ᠲᠣᠭᠲᠠᠭᠠᠵᠤ ᠪᠠᠶᠢᠴᠠᠭᠠᠨ ᠰᠢᠯᠭᠠᠬᠤ ᠲᠥᠪ ︵ᠤᠯᠠᠭᠠᠨᠴᠠᠪ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠲᠥᠪ︶

ᠨᠢᠭᠡᠴᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠢ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

1.png


ᠳ᠋ᠤᠭᠠᠷᠯᠠᠯ᠄ 2

ᠨᠢᠭᠡᠴᠢ ᠶᠢᠨ ᠨᠡᠷᠡᠶᠢᠳᠦᠯ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ

ᠨᠢᠭᠡᠴᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠢ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 3

ᠨᠢᠭᠡᠴᠢ ᠶᠢᠨ ᠨᠡᠷᠡᠶᠢᠳᠦᠯ ᠄ ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠬᠤᠪᠢ ᠶᠢᠨ ᠬᠥᠳᠡᠯᠮᠦᠷᠢᠴᠢᠳ ᠤᠨ ᠨᠡᠶᠢᠭᠡᠮᠯᠢᠭ

ᠨᠢᠭᠡᠴᠢ ᠶᠢᠨ ᠰᠢᠨᠵᠢ ᠴᠢᠨᠠᠷ᠄ ᠠᠵᠢᠯ ᠲᠦᠷᠦᠯ ᠤᠨ ᠨᠡᠶᠢᠭᠡᠮᠯᠢᠭ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 4

ᠨᠢᠭᠡᠴᠢ ᠶᠢᠨ ᠨᠡᠷᠡᠶᠢᠳᠦᠯ᠄ ᠨᠠᠢᠮᠠᠨ ᠬᠤᠰᠢᠭᠤᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ

ᠨᠢᠭᠡᠴᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠢ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 5

ᠨᠢᠭᠡᠴᠢ ᠶᠢᠨ ᠨᠡᠷᠡᠶᠢᠳᠦᠯ ᠄ ᠬᠤᠤᠯᠢᠩᠭᠤᠤᠯ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ

ᠨᠢᠭᠡᠴᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠢ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 6

ᠨᠢᠭᠡᠴᠢ ᠶᠢᠨ ᠨᠡᠷᠡᠶᠢᠳᠦᠯ᠄ ᠯᠦᠪᠸᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ

ᠨᠢᠭᠡᠴᠢ ᠶᠢᠨ ᠰᠢᠨᠵᠢ ᠴᠢᠨᠠᠷ᠄ ᠬᠦᠷᠢᠶᠡᠯᠡᠩ ᠲᠤᠭᠤᠷᠢᠭ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 7

ᠨᠢᠭᠡᠴᠢ ᠶᠢᠨ ᠨᠡᠷᠡᠶᠢᠳᠦᠯ᠄ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ

ᠨᠢᠭᠡᠴᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠢ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 8

ᠨᠢᠭᠡᠴᠢ ᠶᠢᠨ ᠨᠡᠷᠡᠶᠢᠳᠦᠯ᠄ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ

ᠨᠢᠭᠡᠴᠢ ᠶᠢᠨ ᠰᠢᠨᠵᠢ ᠴᠢᠨᠠᠷ᠄ ᠬᠦᠷᠢᠶᠡᠯᠡᠩ ᠲᠤᠭᠤᠷᠢᠭ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 9

ᠨᠢᠭᠡᠴᠢ ᠶᠢᠨ ᠨᠡᠷᠡᠶᠢᠳᠦᠯ᠄ ᠲᠦᠩᠯᠢᠶᠣᠣ ᠬᠤᠲᠠ ᠶᠢᠨ ᠬᠠᠯᠢᠭᠤᠲᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ

ᠨᠢᠭᠡᠴᠢ ᠶᠢᠨ ᠰᠢᠨᠵᠢ ᠴᠢᠨᠠᠷ᠄ ᠬᠦᠷᠢᠶᠡᠯᠡᠩ ᠲᠤᠭᠤᠷᠢᠭ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 10

ᠨᠢᠭᠡᠴᠢ ᠶᠢᠨ ᠨᠡᠷᠡᠶᠢᠳᠦᠯ᠄ ᠤᠯᠠᠭᠠᠨᠬᠠᠳᠠ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠠᠵᠤ ᠦᠢᠯᠡᠰ ᠤᠨ ᠨᠡᠶᠢᠭᠡᠮᠯᠢᠭ

ᠨᠢᠭᠡᠴᠢ ᠶᠢᠨ ᠰᠢᠨᠵᠢ ᠴᠢᠨᠠᠷ᠄ ᠨᠡᠶᠢᠭᠡᠮ ᠤᠨ ᠵᠣᠬᠢᠶᠠᠨ ᠪᠠᠶᠢᠭᠤᠯᠤᠯᠲᠠ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 11

ᠨᠢᠭᠡᠴᠢ ᠶᠢᠨ ᠨᠡᠷᠡᠶᠢᠳᠦᠯ᠄ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠩᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ

ᠨᠢᠭᠡᠴᠢ ᠶᠢᠨ ᠰᠢᠨᠵᠢ ᠴᠢᠨᠠᠷ᠄ ᠠᠵᠢᠯ ᠦᠢᠯᠡᠰ ᠤᠨ ᠨᠢᠭᠡᠴᠢ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

ᠳ᠋ᠤᠭᠠᠷᠯᠠᠯ᠄ 12

ᠨᠢᠭᠡᠴᠢ ᠶᠢᠨ ᠨᠡᠷᠡᠶᠢᠳᠦᠯ᠄ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠨᠡᠪᠴᠢᠭᠦᠯᠬᠦ ᠰᠠᠭᠤᠷᠢᠨ ᠭᠠᠵᠠᠷ

ᠨᠢᠭᠡᠴᠢ ᠶᠢᠨ ᠰᠢᠨᠵᠢ ᠴᠢᠨᠠᠷ᠄ ᠬᠦᠷᠢᠶᠡᠯᠡᠩ ᠲᠤᠭᠤᠷᠢᠭ

ᠭᠤᠶᠤᠴᠢᠯᠠᠨ ᠮᠡᠳᠡᠭᠦᠯᠬᠦ ᠲᠦᠷᠦᠯ ᠬᠡᠯᠪᠡᠷᠢ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ

 

    2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠡᠷᠬᠡ ᠠᠰᠢᠭ ᠢ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ ︵ᠠᠵᠢᠯ ᠤᠨ ᠥᠷᠲᠡᠭᠡ︶ 97 ᠬᠤᠪᠢ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠭᠥᠯᠢᠶᠡᠨ ᠠᠪᠴᠤ ᠳᠡᠩᠰᠡᠯᠡᠵᠦ᠂ 10 ᠬᠤᠪᠢ ᠬᠤᠳᠠᠯ ᠬᠠᠭᠤᠷᠮᠠᠭ ᠬᠡᠷᠡᠭ ᠢ ᠬᠡᠷᠡᠭ ᠪᠣᠯᠭᠠᠨ ᠳᠡᠩᠰᠡᠯᠡᠵᠦ᠂ 121 ᠬᠤᠪᠢ ᠲᠠᠸᠠᠷ ᠤᠨ ᠲᠡᠮᠲᠡᠭᠲᠦ ᠶᠢᠨ ᠬᠡᠷᠡᠭ ᠢ ᠬᠡᠷᠡᠭ ᠪᠣᠯᠭᠠᠨ ᠳᠡᠩᠰᠡᠯᠡᠵᠦ᠂ 123 ᠬᠤᠪᠢ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠵᠦ ᠬᠡᠷᠡᠭ ᠪᠣᠯᠭᠠᠨ ᠳᠡᠩᠰᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠨᠢ ᠭᠤᠷᠪᠠᠨ ᠵᠢᠯ ᠳᠠᠷᠠᠭᠠᠯᠠᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠬᠤᠪᠢᠶᠠᠷᠢ ᠲᠥᠪ ᠤᠨ ᠠᠵᠢᠯᠯᠠᠬᠤ ᠥᠷᠲᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠡᠷᠭᠢᠯᠡᠵᠦ᠂ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠠᠵᠢᠯ ᠤᠨ ᠵᠢᠷᠤᠮᠵᠢᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠰᠢᠯᠭᠠᠨ ᠦᠨᠡᠯᠡᠬᠦ᠂ ᠬᠡᠮᠵᠢᠶᠡᠵᠢᠭᠦᠯᠬᠦ ᠠᠵᠢᠯ ᠤᠨ ᠭᠦᠢᠴᠡᠳᠬᠡᠯ ᠲᠤᠭ᠎ᠠ᠂ ᠲᠤᠬᠠᠶ ᠶᠢᠨ ᠭᠠᠵᠠᠷ ᠲᠤ ᠨᠢ ᠵᠢᠯᠣᠭᠤᠳᠬᠤ᠂ ᠪᠣᠯᠪᠠᠰᠤᠷᠠᠯ ᠢ ᠤᠬᠠᠭᠤᠯᠤᠨ ᠲᠤᠭᠤᠰᠢᠯᠠᠭᠤᠯᠬᠤ ᠪᠠᠷ ᠳᠠᠮᠵᠢᠭᠤᠯᠤᠨ᠂ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠠᠵᠢᠯᠯᠠᠭᠠᠨ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠪᠠ᠃

 

ᠢᠷᠡᠯᠲᠡ᠄ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠪ