ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠢᠨ ᠮᠠᠨ ᠤ ᠣᠷᠣᠨ ᠤ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/14

    8 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠵᠤᠷᠭᠠᠨ ᠤ ᠳᠡᠳ᠋ ᠳᠠᠷᠤᠭ᠎ᠠ ᠫᠧᠩ ᠸᠧᠨ ᠨᠠᠷ ᠤᠯᠠᠭᠠᠨᠴᠠᠪ ᠬᠤᠲᠠ ᠳᠤ ᠭᠦᠨᠵᠡᠭᠡᠶᠢᠷᠡᠨ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᡁᠢ ᠬᠤᠩ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠯᠢ ᠵᠢᠶᠠᠨ ᠸᠧᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃


8-14-要闻-轮播图.png


    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠨᠴᠠᠪ ᠬᠤᠲᠠ ᠶᠢᠨ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ ᠲᠣᠭᠤᠷᠢᠭ ᠵᠡᠷᠭᠡ ᠭᠤᠷᠪᠠᠨ ᠭᠠᠵᠠᠷ ᠲᠤ ᠭᠦᠨᠵᠡᠭᠡᠶᠢᠷᠡᠵᠦ᠂ ᠭᠠᠵᠠᠷ ᠵᠦᠶ ᠶᠢᠨ ᠲᠡᠮᠳᠡᠭ ᠢ ᠪᠤᠶᠢᠵᠢᠭᠤᠯᠬᠤ᠂ ᠬᠡᠷᠡᠭᠯᠡᠬᠦ᠂ ᠬᠠᠮᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠵᠦᠸᠧᠽᠢ ᠰᠢᠶᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠵᠦᠸᠧᠽᠢ ᠶᠢᠨ ᠤᠲᠤᠮᠠᠯ ᠲᠠᠬᠢᠶᠠᠨ ᠤ ᠵᠢᠵᠢᠭ ᠪᠠᠯᠭᠠᠰᠤ᠂ ᠵᠦᠸᠧᠽᠢ ᠶᠢᠨ ᠤᠲᠤᠮᠠᠯ ᠲᠠᠬᠢᠶᠠᠨ ᠤ ᠮᠦᠽᠧᠢ ᠶᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ᠂ ᠵᠦᠸᠧᠽᠢ ᠶᠢᠨ ᠤᠲᠤᠮᠠᠯ ᠲᠠᠬᠢᠶ᠎ᠠ ᠶᠢᠨ ᠤᠯᠠᠷᠢᠯ ᠬᠤᠪᠢᠰᠤᠯᠲᠠ ᠶᠢᠨ ᠲᠡᠦᠬᠡ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠣᠯᠤᠨ ᠲᠦᠷᠦᠯ ᠲᠡᠮᠲᠡᠭᠲᠦ ᠶᠢᠨ ᠪᠠᠶᠢᠭᠤᠯᠤᠯᠲᠠ ᠶᠢᠨ ᠪᠠᠶᠢᠳᠠᠯ ᠵᠢᠴᠢ ︽ᠵᠦᠸᠧᠽᠢ ᠶᠢᠨ ᠤᠲᠤᠮᠠᠯ ᠲᠠᠬᠢᠶ᠎ᠠ︾ ᠶᠢᠨ ᠭᠠᠵᠠᠷ ᠵᠦᠢ ᠶᠢᠨ ᠳᠡᠮᠳᠡᠭ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤᠮᠳᠠᠬᠢ ᠳᠠᠶᠢᠴᠢᠯᠠᠬᠤ ᠦᠢᠯᠡᠳᠦᠯ ᠢ ᠨᠠᠷᠢᠨ ᠣᠶᠢᠯᠠᠭᠠᠪᠠ︔ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ᠂ ᠥᠪᠥᠷ ᠮᠣᠩᠭᠤᠯ ᠤᠨ ᠱᠦ ᠳ᠋ᠦ᠋ ᠺᠠᠢ ᠳ᠋ᠠ ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ︽ᠳᠤᠮᠳᠠᠳᠤ ᠤᠯᠤᠰ ᠤᠨ ᠲᠦᠮᠦᠰᠦᠨ ᠤ ᠲᠥᠪ ᠲᠦᠮᠦᠰᠦᠨ ᠤ ᠮᠦᠽᠧᠢ︾ ᠶᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ᠂ ᠤᠯᠠᠭᠠᠨᠴᠠᠪ ᠤᠨ ᠲᠦᠮᠦᠰᠦᠨ ᠤ ᠰᠣᠶᠣᠯ ᠤᠨ ᠦᠨ᠎ᠡ ᠦᠷᠳᠡᠭ᠂ ᠲᠦᠷᠦᠯ ᠲᠡᠮᠲᠡᠭᠲᠦ ᠶᠢᠨ ᠦᠨ᠎ᠡ ᠦᠷᠳᠡᠭ ᠪᠣᠯᠤᠨ ᠨᠡᠶᠢᠭᠡᠮ ᠤᠨ ᠦᠨ᠎ᠡ ᠦᠷᠳᠡᠭ ᠢ ᠨᠠᠷᠢᠨ ᠣᠶᠢᠯᠠᠭᠠᠪᠠ︔ ᠵᠢᠨᠢᠩ ᠲᠣᠭᠤᠷᠢᠭ ᠲᠤ᠂ ᠥᠪᠥᠷ ᠮᠣᠩᠭᠤᠯ ᠤᠨ ᠯᠠᠨ ᠭᠧ ᠭᠧ ᠰᠦᠨ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠡᠭᠡᠳᠡᠭᠰᠡᠨ ᠰᠦ ᠬᠢᠬᠦ ᠤᠷ᠎ᠠ ᠮᠡᠷᠭᠡᠰᠢᠯ ᠵᠢᠴᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ︽ᠤᠯᠠᠭᠠᠨᠴᠠᠪ ᠤᠨ ᠡᠭᠡᠳᠡᠭᠰᠡᠨ ᠰᠦ︾ ᠶᠢᠨ ᠭᠠᠵᠠᠷ ᠵᠦᠢ ᠶᠢᠨ ᠲᠡᠮᠳᠡᠭ ᠢ ᠭᠤᠶᠤᠴᠢᠯᠠᠨ ᠮᠡᠳᠡᠭᠦᠯᠬᠦ᠂ ᠪᠤᠶᠢᠵᠢᠭᠤᠯᠬᠤ᠂ ᠬᠡᠷᠡᠭᠯᠡᠬᠦ ᠪᠠ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠪᠣᠳᠠᠲᠠᠢ ᠵᠢᠯᠣᠭᠤᠳᠬᠤ ᠴᠢᠨᠠᠷᠲᠠᠢ ᠰᠠᠨᠠᠯ ᠳᠤᠷᠠᠳᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠯᠠᠭᠠᠨᠴᠠᠪ ᠬᠤᠲᠠ ᠶᠢᠨ ᠣᠶᠢᠷ᠎ᠠ ᠶᠢᠨ ᠵᠢᠯ ᠤᠨ ᠭᠠᠵᠠᠷ ᠵᠦᠶ ᠶᠢᠨ ᠲᠡᠮᠳᠡᠭ ᠤᠨ ᠠᠵᠢᠯ ᠤᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠤᠯᠠᠭᠠᠨᠴᠠᠪ ᠬᠤᠲᠠ ᠭᠠᠵᠠᠷ ᠵᠦᠶ ᠶᠢᠨ ᠲᠡᠮᠲᠡᠭ ᠤᠨ ᠪᠦᠲᠦᠭᠡᠭᠳᠡᠬᠦᠨ ᠤ ᠡᠬᠢ ᠪᠠᠶᠠᠯᠢᠭ ᠢ ᠪᠥᠬᠦ ᠲᠠᠯ᠎ᠠ ᠪᠠᠷ ᠠᠭᠤᠳᠠᠯᠵᠤ᠂ ᠭᠠᠵᠠᠷ ᠵᠦᠶ ᠶᠢᠨ ᠲᠡᠮᠳᠡᠭ ᠢᠶᠠᠷ ᠱᠠᠩᠨᠠᠨ ᠲᠤᠰᠠᠯᠠᠬᠤ ᠶᠢ ᠴᠢᠩᠭᠠᠳᠬᠠᠵᠤ᠂ ᠭᠠᠵᠠᠷ ᠵᠦᠶ ᠶᠢᠨ ᠲᠡᠮᠳᠡᠭ ᠤᠨ ᠲᠠᠸᠠᠷ ᠤᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ᠂ ᠪᠤᠶᠢᠵᠢᠭᠤᠯᠬᠤ᠂ ᠬᠡᠷᠡᠭᠯᠡᠬᠦ᠂ ᠬᠠᠮᠠᠭᠠᠯᠠᠬᠤ ᠠᠵᠢᠯ ᠢ ᠭᠦᠨᠵᠡᠭᠡᠶ ᠠᠬᠢᠭᠤᠯᠵᠤ᠂ ᠭᠠᠵᠠᠷ ᠵᠦᠶ ᠶᠢᠨ ᠲᠡᠮᠳᠡᠭ ᠢᠶᠠᠷ ᠤᠨᠴᠠᠯᠢᠬᠳᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ ᠭᠡᠵᠦ ᠵᠢᠭᠠᠵᠤ ᠭᠠᠷᠭᠠᠪᠠ᠃

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠪᠥᠬᠦ ᠣᠷᠣᠨ ᠤ ᠭᠠᠵᠠᠷ ᠵᠦᠶ ᠶᠢᠨ ᠲᠡᠮᠳᠡᠭ ᠢ ᠤᠯᠠᠮ ᠨᠢᠭᠡ ᠠᠯᠬᠤᠮ ᠠᠭᠤᠳᠠᠯᠵᠤ᠂ ᠭᠠᠵᠠᠷ ᠵᠦᠶ ᠶᠢᠨ ᠲᠡᠮᠳᠡᠭ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠨ᠂ ᠨᠢᠭᠡ ᠪᠦᠯᠦᠭ ᠶᠠᠰᠤ ᠴᠢᠨᠠᠷ ᠢᠶᠠᠷ ᠴᠢᠩᠭ᠎ᠠ᠂ ᠣᠨᠴᠠᠯᠢᠭ ᠢᠶᠠᠷ ᠢᠯᠡ ᠲᠣᠳᠣ᠂ ᠲᠠᠷᠢᠶᠠᠴᠢᠳ ᠲᠤ ᠠᠰᠢᠭ ᠬᠦᠷᠲᠡᠭᠡᠬᠦ ᠦᠢᠯᠡᠳᠦᠯ ᠢᠶᠠᠷ ᠢᠯᠡᠷᠬᠡᠶ ᠭᠠᠵᠠᠷ ᠵᠦᠶ ᠶᠢᠨ ᠨᠠᠷᠠᠲᠤ ᠲᠥᠷᠥᠯ ᠲᠡᠮᠳᠡᠭ ᠢ ᠬᠦᠴᠦᠯᠡᠨ ᠪᠤᠶᠢᠵᠢᠭᠤᠯᠵᠤ᠂ ᠭᠠᠵᠠᠷ ᠵᠦᠶ ᠶᠢᠨ ᠲᠡᠮᠳᠡᠭ ᠤᠨ ᠠᠵᠢᠯ ᠢ ᠤᠨᠴᠠᠯᠢᠬᠳᠤ ᠣᠷᠣᠨ ᠪᠦᠰᠡ ᠶᠢᠨ ᠲᠥᠷᠥᠯ ᠲᠡᠮᠳᠡᠭᠲᠦ ᠶᠢ ᠪᠣᠶ ᠪᠣᠯᠭᠠᠬᠤ ᠴᠢᠬᠤᠯᠠ ᠭᠠᠷᠳᠠᠴᠠ ᠪᠣᠯᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ