ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠵᠦ ︽ᠬᠤᠭᠤᠯᠠᠨ ᠬᠡᠷ ᠢ ᠲᠠᠰᠢᠷᠠᠮ ᠢᠶᠠᠷ ᠪᠠᠶᠢᠴᠠᠭᠠᠪᠠ︾
ᠨᠡᠶᠢᠲᠡᠯᠡᠭᠰᠡᠨ ᠴᠠᠭ᠄
2024/8/14

    ᠢᠳᠡᠭᠡᠨ ᠤᠮᠳᠠᠭᠠᠨ ᠤ ᠨᠢᠭᠡᠴᠢ ᠶᠢᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠢᠳᠡᠭᠡᠨ ᠤᠮᠳᠠᠭᠠᠨ ᠤ ᠨᠢᠭᠡᠴᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠬᠤᠭᠤᠯᠠᠨ ᠬᠡᠷ ᠢ ᠲᠠᠰᠢᠷᠠᠮ ᠢᠶᠠᠷ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠳᠤ ᠤᠷᠢᠳᠴᠢᠯᠠᠨ ᠮᠡᠳᠡᠭᠳᠡᠬᠦ ᠥᠬᠡᠶ᠂ ᠰᠢᠭᠤᠳ ᠰᠡᠭᠦᠯ ᠳᠤ ᠨᠢ ᠬᠦᠷᠬᠦ ᠠᠷᠭ᠎ᠠ ᠮᠠᠶ᠋ᠢᠭ ᠢᠶᠠᠷ ᠢᠳᠡᠭᠡᠨ ᠤᠮᠳᠠᠭᠠᠨ ᠤ ᠨᠢᠭᠡᠴᠢ ᠶᠢᠨ ᠡᠵᠡᠩᠨᠡᠯᠲᠡ ᠶᠢᠨ ᠲᠠᠯᠠᠪᠤᠷ ᠲᠤ ᠰᠢᠭᠤᠳ ᠴᠣᠬᠢᠯᠲᠠ ᠥᠭᠴᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠪᠠ᠃


1.png


    ᠪᠠᠶᠢᠴᠠᠭᠠᠯᠲᠠ ᠳᠤ᠂ ᠬᠢᠨᠠᠨ ᠬᠠᠮᠢᠶᠠᠷᠬᠤ ᠠᠵᠢᠯᠲᠠᠨ ᠭᠡᠷᠡᠴᠢ ᠦᠨᠡᠮᠯᠡᠯ ᠢ ᠨᠡᠶᠢᠲᠡᠯᠡᠬᠦ᠂ ᠢᠳᠡᠭᠡᠨ ᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠢᠴᠢ ᠭᠡᠷᠡᠴᠢ ᠪᠠᠷᠢᠮᠲᠠ ᠠᠪᠬᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ᠂ ᠡᠳ᠋ᠰᠢᠭᠦᠯᠬᠦ ᠠᠵᠢᠯᠯᠠᠭ᠎ᠠ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠭᠤᠭᠴᠤᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ︽ᠪᠠᠶᠢᠴᠠᠭᠠᠬᠤ ᠶᠢᠨ ᠳᠠᠭᠠᠤ ᠤᠬᠠᠭᠤᠯᠵᠤ᠂ ᠴᠡᠭᠴᠡᠯᠡᠨ ᠵᠠᠰᠠᠬᠤ︾ ᠠᠵᠢᠯ ᠤᠨ ᠠᠷᠭ᠎ᠠ ᠶᠢ ᠠᠪᠴᠤ᠂ ︽ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ + ᠲᠦᠷᠭᠡᠨ ᠪᠠᠶᠢᠴᠠᠭᠠᠨ ᠬᠡᠮᠵᠢᠬᠦ︾ ᠶᠢ ᠭᠦᠢᠴᠡᠳ ᠬᠡᠷᠡᠭᠯᠡᠵᠦ᠂ ᠢᠳᠡᠰᠢᠨ ᠨᠣᠭᠤᠭᠠᠨ ᠤ ᠡᠮ ᠤᠨ ᠦᠯᠡᠳᠡᠪᠦᠷᠢ ᠂ ᠬᠤᠭᠤᠯᠠᠨ ᠤ ᠬᠡᠷᠡᠭᠰᠡᠯ ᠤᠨ ᠠᠷᠢᠭᠤᠨ ᠴᠡᠪᠡᠷ ᠤᠨ ᠬᠡᠮᠵᠢᠶ᠎ᠡ ᠵᠡᠷᠭᠡ ᠲᠥᠷᠥᠯ ᠵᠦᠢᠯ ᠳᠤ ᠲᠦᠷᠭᠡᠨ ᠪᠠᠶᠢᠴᠠᠭᠠᠯᠲᠠ ᠬᠢᠪᠡ᠃ ᠪᠠᠶᠢᠴᠠᠭᠠᠵᠤ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠶ ᠳᠤ ᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃


2.png


    ᠲᠣᠰ ᠤᠳᠠᠭᠠᠨ ᠤ ︽ ᠬᠤᠭᠤᠯᠠᠨ ᠬᠡᠷ ᠢ ᠲᠠᠰᠢᠷᠠᠮ ᠢᠶᠠᠷ ᠪᠠᠶᠢᠴᠠᠭᠠᠬᠤ ︾ ᠠᠵᠢᠯᠯᠠᠭ᠎ᠠ ᠨᠢ ᠢᠳᠡᠭᠡᠨ ᠤᠮᠳᠠᠭᠠᠨ ᠤ ᠨᠢᠭᠡᠴᠢ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠨᠢᠭᠡᠴᠢ  ᠶᠢᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠡᠵᠡᠩᠨᠡᠬᠦ ᠶᠢ ᠠᠬᠢᠭᠤᠯᠬᠤ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠠᠩᠬᠠᠷᠴᠤ ᠪᠠᠶᠢᠭ᠎ᠠ ᠪᠠ ᠢᠳᠡᠭᠡᠨ ᠤᠮᠳᠠᠭᠠᠨ ᠤ ᠬᠡᠷᠡᠭᠯᠡᠭᠡᠨ ᠤ ᠬᠠᠯᠠᠮᠰᠢᠯ ᠴᠡᠭ ᠲᠤ ᠴᠢᠭᠯᠡᠭᠦᠯᠦᠨ᠂ ᠰᠦᠯᠵᠢᠶᠡᠨ ᠤ ᠬᠤᠭᠤᠯᠠᠨ ᠬᠡᠷ᠂ ᠵᠠᠪᠠᠯ ᠢᠳᠡᠬᠦ ᠨᠡᠷᠡᠰ ᠤᠨ ᠵᠢᠭᠰᠠᠭᠠᠯᠲᠠ ᠵᠡᠷᠭᠡ ᠢᠳᠡᠭᠡᠨ ᠤᠮᠳᠠᠭᠠᠨ ᠤ ᠨᠢᠭᠡᠴᠢ  ᠳᠤ ᠦᠷᠭᠦᠯᠵᠢᠯᠡᠨ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ︽ ᠬᠤᠭᠤᠯᠠᠨ ᠬᠡᠷ ᠢ ᠲᠠᠰᠢᠷᠠᠮ ᠤᠨ ᠪᠠᠶᠢᠴᠠᠭᠠᠬᠤ ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠢ ᠨᠡᠶᠢᠭᠡᠮ ᠤᠨ ᠬᠠᠮᠲᠤ ᠪᠠᠷ ᠵᠠᠰᠠᠬᠤ ᠳᠤ ᠢᠳᠡᠪᠬᠢᠲᠡᠶ ᠣᠷᠣᠯᠴᠠᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃

 

ᠢᠷᠡᠯᠲᠡ᠄ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ