ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2024 ᠣᠨ ᠤ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠨᠢᠭᠤᠷᠳᠠᠨ ᠰᠢᠯᠭᠠᠯᠲᠠ ᠶᠢᠨ ᠬᠠᠮᠢᠶ᠎ᠠ ᠪᠥᠬᠦᠶ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/8/14

ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2024 ᠣᠨ ᠤ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠨᠢᠭᠡᠨᠲᠡ ᠳᠠᠭᠤᠰᠴᠤ᠂ ᠡᠳᠦᠭᠡ ᠨᠢᠭᠤᠷᠲᠠᠨ ᠰᠢᠯᠭᠠᠬᠤ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄

ᠨᠢᠭᠡ᠂ ᠴᠠᠭ

    2024 ᠣᠨ ᠤ 8 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨᠡᠬᠢ 8᠄ 00

ᠬᠤᠶᠠᠷ᠂ ᠭᠠᠵᠠᠷ

    ᠪᠸᠢ ᠹᠠᠩ ᠷᠧᠨ ᠼᠠᠢ ᠲᠣᠮᠣ ᠠᠰᠠᠷ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠱᠤᠸᠠᠩ ᠾᠧ ᠵᠠᠮ ᠤᠨ ᠶᠢᠨ ᠾᠧ ᠸᠠᠨ ᠶᠢᠨ ᠽᠦᠸᠧ ᠤᠨ 1 ᠳ᠋ᠦ᠋ᠭᠡᠷ ᠳᠠᠪᠬᠤᠷ︶

ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ

    ︵ᠨᠢᠭᠡ ︶ ᠰᠢᠯᠭᠠᠭᠤᠯᠤᠭᠴᠢ ᠲᠣᠰ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠣᠭ ᠪᠢᠴᠢᠭ ︵ᠪᠤᠶᠤ ᠫᠠᠰᠫᠣᠷᠲ ︶ ᠢᠶᠠᠨ ᠠᠪᠴᠤ ᠨᠢᠭᠤᠷᠳᠠᠨ ᠰᠢᠯᠭᠠᠯᠲᠠ ᠳᠤ ᠣᠷᠤᠯᠴᠠᠨ᠎ᠠ᠃ ᠬᠤᠪᠴᠠᠰᠤᠯᠠᠬᠤ ᠳᠤ ᠪᠠᠨ ᠪᠡᠶ᠎ᠡ ᠳᠤ ᠪᠠᠨ ᠳᠣᠬᠢᠷᠠᠮᠵᠢᠲᠠᠢ ᠪᠠᠶᠢᠵᠤ᠂ ᠠᠵᠢᠯ ᠲᠥᠷᠥᠯ ᠤᠨ ᠬᠤᠪᠴᠠᠰᠤ ᠡᠮᠦᠰᠬᠦ ᠪᠤᠶᠤ ᠣᠨᠴᠠᠭᠠᠶ ᠲᠡᠮᠳᠡᠭ ᠲᠠᠢ ᠬᠤᠪᠴᠠᠰᠤ ᠡᠮᠦᠰᠴᠦ ᠪᠣᠯᠬᠤ ᠦᠭᠡᠶ᠃

    ︵ᠬᠤᠶᠠᠷ︶ ᠳᠠᠭᠤᠰᠤᠭᠠᠳᠤᠶ ᠵᠦᠢᠯᠡᠰ ᠢ ︽ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2024 ᠣᠨ ᠤ ᠥᠷᠢᠰᠦᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃

    ︵ᠭᠤᠷᠪᠠ︶ ᠰᠢᠯᠭᠠᠭᠤᠯᠤᠭᠴᠢ ᠰᠢᠯᠭᠠᠯᠲᠠ ᠶᠢᠨ ᠴᠡᠭ ᠤᠨ ᠣᠷᠣᠨ ᠪᠠᠶᠢᠷᠢ ᠪᠠ ᠵᠠᠮ ᠬᠠᠷᠢᠯᠴᠠᠭᠠᠨ ᠤ ᠱᠤᠭᠤᠮ ᠢ ᠤᠷᠢᠳᠴᠢᠯᠠᠨ ᠣᠶᠢᠯᠠᠭᠠᠵᠤ᠂ ᠨᠢᠭᠤᠷᠳᠠᠨ ᠰᠢᠯᠭᠠᠬᠤ ᠲᠤᠬᠠᠶ ᠶᠢᠨ ᠡᠳᠦᠷ ᠲᠤ ᠭᠠᠳᠠᠭᠰᠢ ᠭᠠᠷᠬᠤ ᠠᠷᠭ᠎ᠠ ᠮᠠᠶ᠋ᠢᠭ᠂ ᠴᠠᠭ ᠵᠢᠴᠢ ᠱᠤᠭᠤᠮ ᠢᠶᠠᠨ ᠵᠦᠶ ᠵᠣᠬᠢᠰᠲᠠᠶ ᠲᠥᠯᠥᠪᠵᠢᠭᠦᠯᠵᠦ᠂ ᠨᠢᠭᠤᠷᠲᠠᠨ ᠰᠢᠯᠭᠠᠬᠤ ᠲᠤᠬᠠᠶ ᠶᠢᠨ ᠡᠳᠦᠷ ᠲᠤ 15 ᠮᠢᠨᠦ᠋ᠲ ᠣᠷᠦ᠋ᠢᠳᠠᠭᠰᠠᠨ ᠤ ᠳᠠᠷᠠᠭ᠎ᠠ ᠲᠠᠯᠠᠪᠠᠶ ᠳᠤ ᠣᠷᠣᠵᠤ ᠪᠣᠯᠬᠤ ᠥᠬᠡᠶ ᠃

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2024 ᠣᠨ ᠤ 8 ᠳ᠋ᠤᠭᠠᠷ ᠰᠠᠷ᠎ᠠ ᠶᠢᠨ 14 ᠤ ᠡᠳᠦᠷ

 

ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ