ᠦᠬᠠᠶ ᠬᠤᠲᠠ ᠥᠨᠳᠥᠷ ᠪᠦᠲᠦᠮᠵᠢᠲᠡᠶ ᠪᠠᠷ ᠠᠵᠤ ᠠᠬᠤᠶᠢᠯᠠᠯ ᠤᠨ ᠬᠤᠪᠢᠷᠠᠭᠤᠯᠬᠤ ᠬᠦᠴᠦᠨ ᠥᠬᠡᠶ ᠪᠣᠯᠭᠠᠬᠤ ᠨᠢᠭᠡ ᠠᠵᠢᠯ ᠶᠠᠪᠤᠳᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠷᠭᠡᠳᠭᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/14

    ᠦᠬᠠᠢ ᠬᠤᠳᠠ ᠶᠢᠨ ᠬᠢᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠪᠠ ᠢᠳᠡᠭᠡᠨ ᠤᠮᠳᠠᠭᠠᠨ ᠤ ᠳᠡᠯᠭᠡᠭᠦᠷ ᠡᠷᠬᠢᠯᠡᠬᠦ ︽ᠨᠢᠭᠡ ᠠᠵᠢᠯ ᠶᠠᠪᠤᠳᠠᠯ︾ ᠢ ᠥᠨᠳᠥᠷ ᠪᠦᠲᠦᠮᠵᠢᠲᠡᠢ ᠪᠠᠷ ᠭᠦᠢᠴᠡᠳᠬᠡᠬᠦ ᠶᠢ ᠠᠬᠢᠭᠤᠯᠬᠤ ᠪᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠡᠪᠲᠡᠷᠡᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠷᠠᠭᠤᠯᠵᠤ᠂ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ︿ᠨᠢᠭᠡ ᠠᠵᠢᠯ ᠶᠠᠪᠤᠳᠠᠯ﹀︾᠂ ︽ᠠᠵᠤ ᠠᠬᠤᠶᠢᠯᠠᠯ ᠤᠨ ᠳᠠᠩᠰᠠᠯᠠᠯ ᠢ ᠬᠦᠴᠦᠨ ᠦᠭᠡᠢ ᠪᠣᠯᠭᠠᠬᠤ ︿ᠨᠢᠭᠡ ᠠᠵᠢᠯ ᠶᠠᠪᠤᠳᠠᠯ﹀︾ ᠵᠡᠷᠭᠡ ᠶᠢ ᠥᠨᠳᠥᠷ ᠪᠦᠲᠦᠮᠵᠢᠲᠡᠢ ᠪᠠᠷ ᠭᠦᠢᠴᠡᠳᠬᠡᠬᠦ ᠶᠢ ᠪᠡᠶᠡᠯᠡᠭᠦᠯᠵᠦ᠂ ᠠᠵᠢᠯᠳᠠᠨ ᠪᠣᠯᠤᠨ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠢ ᠠᠵᠢᠯ ᠶᠠᠪᠤᠳᠠᠯ ᠰᠢᠢᠳᠪᠦᠷᠢᠯᠡᠬᠦ ᠳᠤ ᠳᠤᠲᠠᠭᠤ ᠭᠦᠶᠦᠯᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠠᠷᠠᠳ ᠤᠨ ᠠᠮᠢᠳᠤᠷᠠᠯ ᠤᠨ ︽ᠬᠤᠷᠳᠤᠴᠠ ᠪᠠᠨ ᠲᠦᠷᠭᠡᠳᠬᠡᠬᠦ︾ ᠶᠢ ᠪᠡᠶᠡᠯᠡᠭᠦᠯᠪᠡ᠃

    ᠨᠢᠭᠡ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠠᠷᠭ᠎ᠠ ᠶᠢ ᠵᠡᠷᠭᠡ ᠪᠠᠷ ᠬᠡᠷᠡᠭᠯᠡᠨ ᠳᠠᠷᠤᠭᠠᠰᠤ ᠶᠢ ᠬᠥᠩᠭᠡᠷᠡᠭᠦᠯᠪᠡ᠃ ᠦᠬᠠᠶ ᠬᠤᠲᠠ ︽ ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠲᠤᠰᠬᠠᠶ ᠲᠣᠭᠤᠷᠢᠭ ᠢ ᠪᠠᠶᠢᠭᠤᠯᠵᠤ᠂ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶᠡᠨ ᠤ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠶᠡᠭᠡ ᠲᠢᠩᠬᠢᠮ︾ ᠡᠰᠡᠬᠦᠯ᠎ᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠰᠢᠰᠲ᠋ᠧᠮ ᠢᠶᠠᠷ ᠳᠠᠮᠵᠢᠭᠤᠯᠤᠨ᠂ ᠰᠦᠯᠵᠢᠶᠡᠨ ᠭᠠᠳᠠᠨ᠎ᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ︾ ᠢᠶᠠᠷ ᠳᠠᠮᠵᠢᠭᠤᠯᠤᠨ ᠠᠵᠤ ᠠᠬᠤᠶᠢᠯᠠᠯ ᠤᠨ ᠬᠤᠪᠢᠷᠠᠭᠤᠯᠤᠯᠲᠠ ᠶᠢᠨ ᠳᠠᠩᠰᠠᠯᠠᠯ ᠢ ᠰᠢᠢᠳᠪᠦᠷᠢᠯᠡᠵᠦ ᠳᠠᠭᠤᠰᠬᠠᠬᠤ ᠭᠤᠶᠤᠴᠢᠯᠠᠯ᠂ ᠲᠠᠮᠠᠭ᠎ᠠ ᠰᠡᠶᠢᠯᠦᠨ ᠵᠣᠬᠢᠶᠠᠬᠤ᠂ ᠦᠨᠳᠦᠰᠦᠨ ᠲᠠᠩᠰᠠᠨ ᠡᠷᠦᠬᠡ ᠶᠢ ᠬᠤᠪᠢᠷᠠᠭᠤᠯᠬᠤ᠂ ᠭᠠᠶᠢᠯᠢ ᠶᠢᠨ ᠡᠵᠡᠮᠳᠡᠯ ᠤᠨ ᠲᠥᠬᠦᠭᠡᠷᠦᠮᠵᠢ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠤᠭᠰᠠᠨ ᠳᠡᠩᠰᠡᠯᠡᠯᠲᠡ ᠶᠢᠨ 6 ᠵᠦᠢᠯᠡᠰ ᠤᠨ ᠮᠡᠳᠡᠭᠡ ᠵᠠᠩᠭᠢ ᠶᠢᠨ ᠬᠤᠪᠢᠷᠠᠭᠤᠯᠤᠯᠲᠠ ᠶᠢ ᠨᠢᠭᠡ ᠯᠡ ᠤᠳᠠᠭ᠎ᠠ ᠳᠤ ᠭᠦᠢᠴᠡᠳᠭᠡᠬᠦ ᠪᠠᠷ ᠭᠤᠶᠤᠴᠢᠯᠠᠨ ᠮᠡᠳᠡᠭᠦᠯᠵᠦ ᠂ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ᠂ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ᠂ ᠪᠣᠭᠤᠮᠲᠠ ᠶᠢᠨ ᠪᠣᠭᠤᠮᠲᠠ ᠳᠤ ᠮᠡᠳᠡᠭᠦᠯᠦᠭᠰᠡᠨ ᠨᠢᠭᠡᠴᠢ ᠶᠢᠨ ᠪᠦᠷᠢᠳᠬᠡᠨ ᠳᠠᠩᠰᠠᠯᠠᠯᠲᠠ ᠶᠢ ᠬᠦᠴᠦᠨ ᠥᠬᠡᠶ ᠪᠣᠯᠭᠠᠬᠤ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ᠂ ᠪᠠᠩᠬᠢ ᠶᠢᠨ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ᠂ ᠠᠵᠤ ᠠᠬᠤᠶᠢᠯᠠᠯ ᠤᠨ ᠲᠠᠮᠠᠭ᠎ᠠ ᠶᠢ ᠬᠦᠴᠦᠨ ᠥᠬᠡᠶ ᠪᠣᠯᠭᠠᠬᠤ ᠵᠡᠷᠭᠡ 6 ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠭᠡᠬᠦ ᠪᠠᠷ ᠭᠤᠶᠤᠴᠢᠯᠠᠨ ᠮᠡᠳᠡᠭᠦᠯᠵᠦ᠂ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ᠰᠦᠯᠵᠢᠶᠡᠨ ᠭᠠᠳᠠᠨ᠎ᠠ ︽ᠨᠢᠭᠡ ᠴᠣᠩᠬᠤᠪᠴᠢ ᠪᠠᠷ ᠬᠦᠯᠢᠶᠡᠨ ᠠᠪᠬᠤ︾ ︽ᠵᠢᠷᠭᠤᠭ᠎ᠠ ᠶᠢ ᠨᠢᠭᠡᠳᠭᠡᠨ᠂ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠪᠡ᠃

    ᠬᠤᠶᠠᠷ ᠲᠤ᠂ ᠴᠠᠭ ᠤᠨ ᠬᠢᠵᠠᠭᠠᠷ ᠢ ᠪᠣᠭᠤᠨᠢᠰᠬᠠᠭᠰᠠᠨ ᠬᠦᠰᠦᠨᠦᠭᠲᠦ ᠶᠢ ᠨᠢᠭᠡᠳᠭᠡᠨ ᠬᠤᠷᠳᠤᠴᠠ ᠶᠢ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠳᠡᠩᠰᠡᠯᠡᠯᠲᠡ ᠶᠢ ᠭᠦᠢᠴᠡᠳᠭᠡᠬᠦ ᠴᠠᠭ ᠤᠨ ᠬᠢᠵᠠᠭᠠᠷ ᠢ ᠲᠣᠰ ᠲᠣᠰ ᠥᠭᠡᠷᠡᠴᠢᠯᠡᠯᠲᠡ ᠠᠴᠠ ᠡᠮᠦᠨᠡᠬᠢ 6 ᠠᠵᠢᠯᠯᠠᠬᠤ ᠡᠳᠦᠷ᠂ 15 ᠠᠵᠢᠯᠯᠠᠬᠤ ᠡᠳᠦᠷ ᠢ 1 ᠠᠵᠢᠯᠯᠠᠬᠤ ᠡᠳᠦᠷ᠂ 12 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠪᠠ᠃ ᠢᠳᠡᠭᠡᠨ ᠤᠮᠳᠠᠭᠠᠨ ᠤ ᠳᠡᠯᠭᠡᠭᠦᠷ ᠡᠷᠭᠢᠯᠡᠬᠦ ᠳᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠰᠢᠰᠲ᠋ᠧᠮ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠰᠢᠯᠭᠠᠬᠤ᠂ ᠢᠳᠡᠭᠡᠨ ᠡᠵᠡᠩᠨᠡᠬᠦ ᠵᠥᠪᠰᠢᠶᠡᠷᠡᠯ᠂ ᠬᠡᠷ ᠤᠨ ᠭᠠᠳᠠᠨᠠᠬᠢ ᠫᠠᠶᠢᠰᠠ ᠢᠯᠡᠷᠬᠡᠶᠢᠯᠡᠯ ᠤᠨ ᠪᠡᠯᠡᠳᠬᠡᠮᠵᠢ ᠲᠣᠬᠢᠷᠠᠭᠤᠯᠬᠤ ᠶᠢ ᠵᠢᠷᠤᠮᠵᠢᠭᠤᠯᠤᠨ ᠬᠠᠮᠢᠶᠠᠷᠬᠤ᠂ ᠣᠯᠠᠨ ᠨᠡᠶᠢᠲᠡ ᠶᠢᠨ ᠴᠤᠭᠯᠠᠭᠠᠨ ᠤ ᠲᠠᠯᠠᠪᠤᠷ ᠭᠠᠵᠠᠷ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠭᠦᠢᠴᠡᠳᠬᠡᠵᠦ᠂ ᠨᠡᠶᠢᠲᠡ 3 ᠰᠠᠯᠠᠭ᠎ᠠ ᠮᠥᠴᠢᠷ ᠤᠨ 4 ᠵᠦᠢᠯᠡᠰ ᠬᠤᠯᠪᠣᠭᠳᠠᠵᠠᠶ᠃ ᠭᠤᠶᠤᠴᠢᠯᠠᠭᠴᠢ ᠨᠢ ᠨᠢᠭᠡ ᠯᠡ ᠤᠳᠠᠭ᠎ᠠ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾᠂ ᠮᠥᠩᠬᠡ ᠰᠤᠪᠠᠭ App᠂ ᠰᠦᠯᠵᠢᠶᠡᠨ ᠭᠠᠳᠠᠨᠠᠬᠢ ᠶᠡᠷᠦᠩᠬᠡᠶᠢᠯᠡᠭᠰᠡᠨ ᠴᠣᠩᠬᠤᠪᠴᠢ ᠪᠠᠷ ᠠᠰᠠᠭᠤᠨ ᠯᠠᠪᠯᠠᠵᠤ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ᠃ ᠡᠭᠦᠨ ᠤ ᠬᠠᠮᠲᠤ᠂ ᠣᠯᠠᠨ ᠬᠦᠰᠦᠨᠦᠭᠲᠦ ᠶᠢ ᠨᠢᠭᠡᠳᠬᠡᠬᠦ᠂ ᠨᠢᠭᠡ ᠯᠡ ᠬᠦᠰᠦᠨᠦᠭᠲᠦ ᠪᠠᠷ ᠭᠤᠶᠤᠴᠢᠯᠠᠨ ᠮᠡᠳᠡᠭᠦᠯᠬᠦ ᠪᠠᠷ ᠳᠠᠮᠵᠢᠭᠤᠯᠤᠨ᠂ ᠮᠠᠲ᠋ᠧᠷᠢᠶᠠᠯ ᠲᠤᠰᠢᠶᠠᠬᠤ ᠶᠢ ᠴᠥᠬᠡᠳᠬᠡᠵᠦ᠂ ᠭᠤᠶᠤᠴᠢᠯᠠᠯ ᠤᠨ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠠᠴᠠ ᠵᠠᠶᠢᠯᠠᠰᠬᠢᠵᠦ᠂ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠪᠠ᠃

    ᠭᠤᠷᠪᠠ ᠳᠤ᠂ ᠶᠠᠪᠤᠴᠠ ᠳᠠᠬᠢ ᠰᠡᠳᠬᠢᠯ ᠳᠤ ᠲᠤᠳᠤᠨᠤ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠪᠡ᠃ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠵᠦᠢᠯᠡᠰ ᠢ ᠤᠷᠤᠭᠰᠢᠲᠠᠶ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠦᠬᠠᠶ ᠬᠤᠲᠠ ᠠᠵᠤ ᠠᠬᠤᠶᠢᠯᠠᠯ ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠪᠥᠬᠦ ᠦᠶᠡᠯᠡᠯ ᠤᠨ ᠬᠤᠭᠤᠴᠠᠭᠠᠨ ᠤ ᠶᠠᠪᠤᠳᠠᠯ ᠭᠦᠢᠴᠡᠳᠭᠡᠬᠦ ᠶᠠᠪᠤᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ︽ᠨᠢᠭᠡ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠠᠪᠤᠳᠠᠯ ᠭᠦᠢᠴᠡᠳᠭᠡᠬᠦ ᠶᠠᠪᠤᠴᠠ ᠶᠢᠨ ᠵᠦᠭᠯᠡᠭᠦᠷ ᠢ ᠦᠢᠯᠡᠳᠴᠦ᠂ ᠪᠥᠬᠦ ᠶᠠᠪᠤᠴᠠ ᠶᠢᠨ ᠡᠯᠧᠺᠲᠷᠣᠨᠴᠢᠯᠡᠭᠰᠡᠨ ᠳᠡᠩᠰᠡᠯᠡᠯᠲᠡ ᠶᠢᠨ ᠬᠡᠪ ᠵᠠᠭᠪᠤᠷ ᠢ ᠳᠡᠩᠰᠡᠯᠡᠨ ᠲᠡᠮᠳᠡᠭᠯᠡᠬᠦ ᠶᠢ ᠳᠡᠯᠭᠡᠷᠡᠭᠦᠯᠪᠡ᠃ 24 ᠴᠠᠭ ᠤᠨ ᠥᠪᠡᠷᠲᠡᠭᠡᠨ ᠦᠢᠯᠡᠴᠢᠯᠡᠬᠦ ᠲᠤᠰᠬᠠᠶ ᠣᠷᠣᠨ ᠭᠠᠷᠭᠠᠵᠤ᠂ ᠡᠵᠡᠩᠨᠡᠯᠲᠡ ᠶᠢᠨ ᠦᠨᠡᠮᠯᠡᠯ ᠢ 24 ᠴᠠᠭ ︽ᠡᠭᠦᠳᠡ ᠪᠠᠨ ᠬᠠᠭᠠᠬᠤ ᠥᠬᠡᠶ︾ ᠥᠪᠡᠷᠲᠡᠭᠡᠨ ᠳᠠᠷᠤᠮᠠᠯᠯᠠᠬᠤ ᠶᠢ ᠪᠡᠶᠡᠯᠡᠭᠦᠯᠦᠨ᠎ᠡ᠃ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠢ ᠪᠠᠷᠢᠮᠵᠢᠶᠠᠵᠢᠭᠤᠯᠤᠨ ᠲᠡᠮᠳᠡᠭᠯᠡᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠭᠡᠷᠡᠴᠢ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠳ᠋ᠤᠭᠠᠷ᠂ ᠵᠠᠮ ᠤᠨ ᠨᠡᠷ᠎ᠡ ᠵᠡᠷᠭᠡ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠬᠠᠷᠢᠴᠠᠭᠤᠯᠤᠨ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠦᠨ᠂ ︽ᠪᠠᠷᠢᠮᠵᠢᠶᠠᠵᠢᠭᠰᠠᠨ ᠬᠠᠶ᠋ᠢᠭ ᠢ ᠭᠤᠶᠤᠴᠢᠯᠠᠨ ᠮᠡᠳᠡᠭᠦᠯᠬᠦ + ᠰᠠᠭᠤᠭ᠎ᠠ ᠭᠠᠵᠠᠷ ᠤᠨ ᠠᠮᠠᠯᠠᠯᠲᠠ ᠶᠢᠨ ᠲᠦᠷᠢᠮ︾ ᠤᠨ ᠥᠭᠡᠷᠡᠴᠢᠯᠡᠯᠲᠡ ᠶᠢ ᠳᠡᠯᠭᠡᠷᠡᠭᠦᠯᠵᠦ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠭᠡᠬᠦ ᠠᠵᠢᠯᠲᠠᠨ ᠤ ︽ᠮᠠᠲ᠋ᠧᠷᠢᠶᠠᠯ ᠢ ᠴᠥᠬᠡᠳᠬᠡᠬᠦ ︾ ︽ᠴᠠᠭ ᠤᠨ ᠬᠢᠵᠠᠭᠠᠷ ᠢ ᠪᠣᠭᠤᠨᠢᠰᠬᠠᠬᠤ ︾ ︽ᠨᠠᠭᠠᠰᠢ ᠴᠠᠭᠠᠰᠢ ᠭᠦᠶᠦᠬᠦ ᠶᠢ ᠪᠠᠭᠠᠰᠬᠠᠬᠤ︾ ᠶᠢ ᠪᠡᠶᠡᠯᠡᠭᠦᠯᠪᠡ᠃

    ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠢ ᠣᠯᠠᠨ ᠡᠰᠢᠵᠢᠭᠦᠯᠬᠦ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠬᠠᠮᠤᠭ ᠤᠨ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠬᠠᠮᠤᠭ ᠤᠨ ᠳᠥᠭᠦᠮᠴᠢᠯᠡᠬᠦ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠬᠠᠮᠤᠭ ᠤᠨ ᠪᠠᠭ᠎ᠠ ᠪᠣᠯᠭᠠᠬᠤ ᠶᠢ ᠬᠡᠷᠡᠭᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃

 

ᠢᠷᠡᠯᠲᠡ᠄ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ