ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2024/8/14

    ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯᠳᠠᠯᠭ᠎ᠠ ᠲᠠᠢ ᠠᠬᠢᠭᠤᠯᠵᠤ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ᠂ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠠᠪᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠪᠠ᠃

    ᠨᠢᠭᠡ ᠳᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠷᠠᠭᠤᠯᠵᠤ᠂ ᠨᠡᠪᠲᠡᠷᠡᠯᠴᠡᠨ ᠵᠣᠬᠢᠴᠠᠭᠤᠯᠵᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠪᠠ᠃ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ 16 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠬᠤᠶᠠᠷ ᠤᠳᠠᠭ᠎ᠠ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠥᠨᠳᠡᠯᠡᠨ ᠢᠶᠠᠷ ᠬᠠᠮᠵᠢᠯᠴᠠᠬᠤ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠨᠡᠶᠢᠯᠡᠮᠡᠯ ᠬᠦᠴᠦᠨ ᠢ ᠨᠢᠭᠲᠠᠷᠠᠭᠤᠯᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠦᠷ᠎ᠡ ᠪᠦᠲᠦᠭᠡᠯ ᠢ ᠬᠠᠷᠢᠯᠴᠠᠨ ᠨᠡᠪᠲᠡᠷᠡᠯᠴᠡᠭᠦᠯᠬᠦ ᠶᠢᠨ ᠬᠤᠯᠪᠣᠭᠠᠯᠠᠨ ᠬᠥᠳᠡᠯᠦᠯᠴᠡᠵᠦ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠰᠦᠪᠡᠭᠴᠢ ᠶᠢ ᠰᠢᠯᠵᠢᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠭᠤᠣᠯᠳᠠᠯᠭ᠎ᠠ ᠲᠠᠢ ᠠᠰᠠᠭᠤᠳᠠᠯ ᠤᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ᠂ ᠠᠵᠢᠯ ᠶᠠᠪᠤᠳᠠᠯ ᠰᠠᠬᠢᠯᠭ᠎ᠠ ᠪᠠᠲᠤ ᠶᠢ ᠵᠣᠯᠭᠠᠭᠤᠯᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ ᠠᠬᠢᠭᠤᠯᠪᠠ᠃

    ᠬᠤᠶᠠᠷ ᠲᠤ ᠂ ᠨᠠᠢᠮᠠᠨ ᠲᠤᠰᠬᠠᠶ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ ᠠᠮᠤᠷ ᠲᠦᠪᠰᠢᠨ ᠤ ᠠᠰᠠᠭᠤᠳᠠᠯ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ᠂ ᠲᠥᠪᠯᠡᠷᠡᠭᠦᠯᠦᠨ ᠬᠤᠭᠤᠯᠠ ᠢᠳᠡᠬᠦ ᠨᠢᠭᠡᠴᠢ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ᠂ ᠡᠮ ᠤᠨ ᠵᠦᠢᠯ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠵᠠᠰᠠᠬᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠵᠢᠴᠢ ᠬᠡᠮᠵᠢᠯᠲᠡ ᠶᠢᠨ ︽ᠠᠰᠠᠭᠤᠳᠠᠯ ᠲᠠᠢ ᠬᠡᠮᠵᠢᠭᠦᠷ ︾ ᠪᠠ ᠠᠷᠠᠳ ᠤᠨ ᠬᠡᠷᠡᠭᠯᠡᠭᠡᠨ ᠤ ︽ᠭᠤᠷᠪᠠᠨ ᠬᠦᠰᠦᠨᠦᠭᠲᠦ︾ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠴᠣᠬᠢᠯᠲᠠ ᠥᠭᠴᠦ ᠂ ᠬᠤᠯᠪᠣᠭᠳᠠᠯ ᠪᠥᠬᠦᠶ ᠲᠤᠰᠬᠠᠶ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠬᠤᠯᠪᠣᠭᠳᠠᠯ ᠪᠥᠬᠦᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠬᠤ᠂ ᠬᠤᠯᠪᠣᠭᠳᠠᠯ ᠪᠥᠬᠦᠶ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠳᠤ ᠪᠣᠯᠲᠠᠯ᠎ᠠ᠂ ᠬᠤᠯᠪᠣᠭᠳᠠᠯ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 13669 ᠤᠳᠠᠭ᠎ᠠ ᠪᠠᠶᠢᠴᠠᠭᠠᠵᠤ᠂ 722 ᠬᠤᠪᠢ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠵᠠᠰᠠᠵᠤ᠂ 115 ᠬᠤᠪᠢ ᠶᠢ ᠨᠢ ᠬᠡᠷᠡᠭ ᠪᠣᠯᠭᠠᠨ ᠳᠡᠩᠰᠡᠯᠡᠵᠦ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ 275 ᠬᠤᠪᠢ ᠪᠠᠭᠤᠯᠭᠠᠵᠤ᠂ 10 ᠬᠤᠪᠢ ᠶᠢ ᠨᠢ ᠵᠠᠰᠠᠭ ᠵᠠᠬᠢᠷᠭᠠᠨ ᠤ ᠰᠢᠢᠳᠭᠡᠯ ᠥᠭᠪᠡ᠃ ᠠᠰᠠᠭᠤᠳᠠᠯ ᠢ ᠴᠡᠭᠴᠡᠯᠡᠨ ᠵᠠᠰᠠᠬᠤ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠪᠠ᠃

    ᠭᠤᠷᠪᠠ ᠳᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠪᠠ᠃ ᠠᠵᠤ ᠠᠬᠤᠶᠢᠯᠠᠯ ᠤᠨ 0.5 ᠠᠵᠢᠯᠯᠠᠬᠤ ᠡᠳᠦᠷ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ᠪᠠ ᠠᠵᠤ ᠠᠬᠤᠶᠢᠯᠠᠯ ᠤᠨ ︽ᠨᠢᠭᠡ ᠶᠠᠪᠤᠳᠠᠯ︾ ᠢ ᠬᠦᠴᠦᠨ ᠥᠬᠡᠶ ᠪᠣᠯᠭᠠᠬᠤ ᠶᠠᠪᠤᠳᠠᠯ ᠢ ᠰᠢᠯᠢ ᠶᠢᠨ ᠭᠤᠤᠯ ᠠᠶᠢᠮᠠᠭ ᠲᠤ ᠵᠢᠩᠬᠢᠨᠢ ᠪᠠᠷ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠶᠢᠨ ᠲᠥᠷᠥᠯ ᠬᠤᠪᠢᠶᠠᠨ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠵᠦ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠭᠤᠰᠤᠯᠴᠠᠭᠤᠯᠵᠤ᠂ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢ ᠬᠡᠷᠡᠭᠵᠢᠭᠦᠯᠦᠨ᠂ ᠠᠩᠬ᠎ᠠ ᠤᠳᠠᠭ᠎ᠠ ᠲᠣᠭᠲᠠᠭᠠᠯ ᠠᠴᠠ ᠵᠥᠷᠢᠴᠡᠪᠡᠯ ᠲᠣᠷᠭᠠᠬᠤ ᠥᠬᠡᠶ᠂ ᠬᠥᠩᠭᠡᠪᠲᠦᠷ ᠲᠣᠷᠭᠠᠬᠤ ᠠᠴᠠ ᠭᠡᠯᠳᠦᠷᠢᠭᠦᠯᠬᠦ᠂ ᠬᠥᠩᠭᠡᠯᠡᠨ ᠲᠣᠷᠭᠠᠬᠤ ︽ᠳᠥᠷᠪᠡᠨ ᠨᠠᠷᠢᠨ ᠲᠠᠩᠰᠠ︾ ᠶᠢ ᠬᠥᠳᠡᠯᠦᠩᠭᠦᠶ ᠪᠠᠷ ᠳᠣᠭᠢᠷᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠥᠷᠢᠰᠥᠯᠳᠦᠭᠡᠨ ᠤ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠨᠢᠭᠡᠨᠲᠡ ᠠᠵᠤ ᠠᠬᠤᠶᠢᠯᠠᠯ ᠳᠤ ︽ᠳᠣᠯᠤᠭ᠎ᠠ ᠶᠢ ᠨᠢᠭᠡᠳᠬᠡᠬᠦ︾ ᠢᠵᠢ ᠶᠢ 5 ᠬᠤᠪᠢ ᠡᠷᠬᠢᠯᠡᠬᠦ ᠶᠢ ᠭᠦᠢᠴᠡᠳᠬᠡᠵᠦ᠂ ︽1 + N︾ ᠦᠨᠡᠮᠯᠡᠯ ᠤᠨ ᠬᠠᠮᠲᠤᠷᠠᠨ ᠰᠢᠢᠳᠪᠦᠷᠢᠯᠡᠬᠦ ᠬᠠᠮᠲᠤᠷᠠᠨ ᠪᠣᠷᠣᠯᠠᠭᠤᠯᠬᠤ 1635 ᠬᠡᠷᠡᠭ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ︽ᠨᠢᠭᠡ ᠶᠠᠪᠤᠳᠠᠯ︾ ᠢ ᠬᠤᠪᠢᠷᠠᠭᠤᠯᠬᠤ 225 ᠬᠡᠷᠡᠭ᠂ ᠠᠵᠤ ᠠᠬᠤᠶᠢᠯᠠᠯ ᠤᠨ ᠳᠠᠩᠰᠠᠯᠠᠯ ᠢ ᠬᠦᠴᠦᠨ ᠦᠭᠡᠢ ᠪᠣᠯᠭᠠᠬᠤ ︽ᠨᠢᠭᠡ ᠶᠠᠪᠤᠳᠠᠯ︾ ᠢ 185 ᠬᠡᠷᠡᠭ ᠢ ᠰᠢᠢᠳᠪᠦᠷᠢᠯᠡᠵᠦ᠂ ︽ᠳᠥᠷᠪᠡᠨ ᠨᠠᠷᠢᠨ ᠲᠠᠩᠰᠠ︾ ᠶᠢᠨ ᠬᠡᠷᠡᠭ ᠢ 158 ᠪᠠᠶᠢᠴᠠᠭᠠᠨ ᠰᠢᠢᠳᠪᠦᠷᠢᠯᠡᠪᠡ᠃ ᠪᠥᠬᠦ ᠠᠶᠢᠮᠠᠭ ᠤᠨ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ 13071 ᠪᠣᠯᠵᠣ᠂ ᠠᠳᠠᠯᠢ ᠬᠤᠭᠤᠴᠠᠭᠠᠨ ᠤ ᠬᠢ ᠠᠴᠠ 4.69% ᠪᠠᠷ ᠨᠡᠮᠡᠭᠳᠡᠨ᠂ ᠪᠥᠬᠦ ᠠᠶᠢᠮᠠᠭ ᠤᠨ ᠡᠵᠡᠩᠨᠡᠯᠲᠡ ᠶᠢᠨ ᠭᠤᠤᠯ ᠴᠣᠭᠴᠠ 155096 ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.71% ᠪᠠᠷ ᠨᠡᠮᠡᠭᠳᠡᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃

    ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠢᠳᠡ ᠵᠤᠬᠰᠤᠰᠢ ᠦᠭᠡᠢ ᠪᠠᠶᠢᠬᠤ ᠬᠠᠳᠠᠨ ᠵᠣᠷᠢᠭ ᠢᠶᠠᠷ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠤ ᠲᠠᠯ᠎ᠠ ᠳᠤ ᠡᠷᠡᠰ ᠪᠠᠲᠤ ᠵᠣᠭᠰᠣᠵᠤ᠂ ᠠᠵᠢᠯ ᠲᠥᠷᠥᠯ ᠤᠨ ᠰᠤᠷᠲᠠᠯ ᠤᠨ ᠠᠵᠢᠭᠯᠠᠯᠲᠠ ᠶᠢᠨ ᠴᠡᠭ ᠪᠠ ᠠᠵᠢᠯ ᠲᠥᠷᠥᠯ ᠤᠨ ᠰᠤᠷᠲᠠᠯ ᠤᠨ ᠬᠢᠨᠠᠯᠲᠠ ᠲᠠᠯᠪᠢᠭᠴᠢ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ︽ᠠᠶᠤᠩᠭ᠎ᠠ ᠨᠢᠵᠢᠭᠢᠨᠡᠭᠰᠡᠨ ᠠᠵᠢᠯᠯᠠᠭ᠎ᠠ︾ ᠵᠡᠷᠭᠡ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ︽ᠠᠷᠠᠳ ᠲᠦᠮᠡᠨ ᠤ ᠲᠥᠯᠥᠭᠡ ᠬᠢᠨᠠᠨ ᠬᠠᠮᠢᠶᠠᠷᠬᠤ︾ ᠣᠶᠢᠯᠠᠭᠠᠭᠳᠠᠬᠤᠨ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠣᠯᠠᠨ ᠲᠦᠮᠡᠨ ᠳᠤ ᠪᠣᠳᠠᠲᠠᠶ ᠲᠥᠷᠥᠭᠳᠡᠯ ᠥᠭᠴᠦ᠂ ᠪᠣᠳᠠᠲᠤ ᠠᠰᠢᠭ ᠬᠦᠷᠲᠡᠭᠡᠬᠦ ᠪᠤᠯᠤᠨ᠎ᠠ᠃

 

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ