ᠮᠠᠨᠵᠤᠤᠷ ᠬᠤᠲᠠ ᠰᠢᠲᠠᠮᠠᠬᠠᠶ ᠬᠡᠢ ᠶᠢᠨ ᠯᠣᠩᠬᠤᠨ ᠤ ᠣᠶᠤᠨᠴᠢ ᠮᠦᠷᠲᠡᠯᠲᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/14

    ᠮᠠᠨᠵᠤᠤᠷ ᠬᠤᠲᠠ ᠶᠢᠨ ᠭᠤᠷᠪᠠᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠬᠡᠢ ᠶᠢᠨ ᠯᠣᠩᠬᠤᠨ ᠤ ᠬᠠᠮᠢᠶᠠᠷᠤᠯᠲᠠ ᠶᠢᠨ ᠰᠢᠰᠲ᠋ᠧᠮ ᠨᠢ ᠢᠮᠠᠭᠲᠠ ᠪᠡᠶ᠎ᠡ ᠪᠠᠨ ᠳᠠᠭᠠᠭᠠᠨ ᠬᠡᠷᠡᠭᠯᠡᠬᠦ ᠂ ᠪᠡᠶ᠎ᠡ ᠪᠠᠨ ᠳᠠᠭᠠᠭᠠᠨ ᠬᠠᠮᠠᠭᠠᠯᠠᠬᠤ ᠪᠠᠶᠢᠳᠠᠯ ᠳᠤ ᠣᠷᠣᠰᠢᠭᠰᠠᠭᠠᠷ᠃ ᠰᠠᠪᠠᠯᠠᠬᠤ᠂ ᠲᠣᠬᠢᠷᠠᠭᠤᠯᠤᠨ ᠬᠦᠷᠭᠡᠬᠦ ᠶᠠᠪᠤᠴᠠ ᠳᠠᠬᠢ ᠡᠮᠬᠢ ᠵᠠᠮᠪᠠᠷᠠᠭ᠎ᠠ ᠦᠭᠡᠢ ᠪᠠᠶᠢᠳᠠᠯ  ᠢ ᠦᠨᠳᠦᠰᠦᠨ ᠠᠴᠠ ᠨᠢ ᠰᠢᠢᠳᠪᠦᠷᠢᠯᠡᠵᠦ᠂ ᠰᠢᠲᠠᠮᠠᠬᠠᠢ ᠬᠡᠢ ᠶᠢᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠤᠰᠠᠳᠠ᠂ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠵᠢᠳᠭᠦᠵᠦ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠪᠦᠬᠦ ᠶᠠᠪᠤᠴᠠ ᠶᠢ ᠮᠥᠷᠲᠡᠬᠦ ᠰᠢᠰᠲ᠋ᠧᠮ ᠢ ᠨᠡᠭᠡᠭᠡᠨ ᠬᠥᠭᠵᠢᠭᠦᠯᠪᠡ᠃ 2024 ᠣᠨ ᠤ 7 ᠳ᠋ᠤᠭᠠᠷ ᠰᠠᠷ᠎ᠠ ᠶᠢᠨ 10 ᠤ ᠡᠳᠦᠷ ᠲᠤᠷᠰᠢᠨ ᠠᠵᠢᠯᠯᠠᠭᠤᠯᠤᠭᠰᠠᠨ ᠠᠴᠠ ᠨᠠᠭᠠᠰᠢ᠂ ᠱᠠᠲᠤᠴᠢ ᠴᠢᠨᠠᠷᠲᠠᠶ ᠬᠡᠷᠡᠭᠯᠡᠭᠡᠨ ᠤ ᠪᠦᠲᠦᠮᠵᠢ ᠤᠯᠪᠠ᠃

    ᠨᠢᠭᠡ ᠳᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠰᠢᠲᠠᠮᠠᠬᠠᠶ ᠬᠡᠶ ᠶᠢᠨ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠪᠠ᠃ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠭᠤᠷᠪᠠᠨ ᠰᠢᠲᠠᠮᠠᠬᠠᠢ ᠬᠡᠢ ᠶᠢᠨ ᠠᠵᠤ ᠠᠬᠤᠶᠢᠯᠠᠯ ᠳᠤ ᠣᠯᠠᠨ ᠤᠳᠠᠭ᠎ᠠ ᠭᠦᠨᠵᠡᠭᠡᠶᠢᠷᠡᠨ ᠰᠢᠲᠠᠮᠠᠬᠠᠢ ᠬᠡᠢ ᠶᠢᠨ ᠰᠢᠰᠲ᠋ᠧᠮ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠰᠢᠲᠠᠮᠠᠬᠠᠢ ᠬᠡᠢ ᠶᠢᠨ ᠰᠦᠯᠵᠢᠶᠡᠨ ᠳᠡᠭᠡᠷᠡᠬᠢ ᠲᠣᠬᠢᠷᠠᠭᠤᠯᠤᠨ ᠬᠦᠷᠭᠡᠬᠦ ᠰᠢᠰᠲ᠋ᠧᠮ ᠳᠤ ᠬᠥᠳᠡᠯᠦᠩᠭᠦᠢ ᠬᠢᠨᠠᠨ ᠬᠠᠮᠢᠶᠠᠷᠤᠯᠲᠠ ᠶᠢ ᠪᠡᠶᠡᠯᠡᠭᠦᠯᠬᠦ ᠶᠢᠨ ᠠᠷᠭ᠎ᠠ ᠦᠭᠡᠢ ᠮᠥᠷᠲᠡᠭᠡᠨ ᠵᠣᠬᠢᠴᠠᠬᠤ ᠦᠭᠡᠢ ᠠᠰᠠᠭᠤᠳᠠᠯ ᠣᠷᠤᠰᠢᠵᠤ ᠪᠠᠶᠢᠬᠤ ᠶᠢ ᠢᠯᠡᠷᠡᠭᠦᠯᠪᠡ ᠃ ᠰᠢᠲᠠᠮᠠᠬᠠᠢ ᠬᠡᠢ ᠶᠢᠨ ᠲᠣᠬᠢᠷᠠᠭᠤᠯᠤᠨ ᠬᠦᠷᠭᠡᠬᠦ ᠰᠢᠰᠲ᠋ᠧᠮ ᠢ ᠴᠠᠭ ᠲᠤᠬᠠᠢ ᠳᠤ ᠨᠢ ᠬᠥᠳᠡᠯᠦᠩᠭᠦᠢ ᠬᠢᠨᠠᠨ ᠬᠠᠮᠢᠶᠠᠷᠬᠤ ᠶᠢ ᠪᠡᠶᠡᠯᠡᠭᠦᠯᠬᠦ ᠶᠢᠨ ᠲᠥᠯᠥᠭᠡ᠂ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠭᠤᠷᠪᠠᠨ ᠰᠢᠲᠠᠮᠠᠬᠠᠢ ᠬᠡᠢ ᠶᠢᠨ ᠠᠵᠤ ᠠᠬᠤᠶᠢᠯᠠᠯ ᠢ ᠲᠣᠬᠢᠷᠠᠭᠤᠯᠤᠨ ᠬᠦᠷᠭᠡᠬᠦ ᠲᠤᠭ᠎ᠠ ᠪᠠᠷᠢᠮᠲᠠ ᠶᠢᠨ ᠰᠢᠰᠲ᠋ᠧᠮ ᠢ ᠥᠪᠡᠷᠲᠡᠭᠡᠨ ᠡᠮᠬᠢᠯᠡᠨ ᠨᠡᠶᠢᠯᠡᠭᠦᠯᠦᠭᠰᠡᠨ ᠪᠣᠯᠪᠠᠴᠤ ᠡᠮᠬᠢᠯᠡᠨ ᠨᠡᠶᠢᠯᠡᠭᠦᠯᠬᠦ ᠶᠠᠪᠤᠴᠠ ᠳᠤ ᠪᠣᠳᠠᠲᠠᠢ ᠠᠵᠢᠯᠯᠠᠬᠤ ᠴᠢᠨᠠᠷ ᠨᠢ ᠴᠢᠩᠭ᠎ᠠ ᠪᠤᠰᠤ ᠪᠠᠶᠢᠵᠤ ᠂ ᠵᠢᠱᠢᠭᠰᠡᠨ ᠬᠠᠷᠠᠯᠲᠠ ᠶᠢ ᠪᠡᠶᠡᠯᠡᠭᠦᠯᠵᠦ ᠴᠢᠳᠠᠭᠰᠠᠨ ᠦᠭᠡᠢ᠃ ᠲᠣᠰ ᠪᠠᠶᠢᠳᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠭᠤᠷᠪᠠᠨ ᠰᠢᠲᠠᠮᠠᠬᠠᠶ ᠬᠡᠶ ᠶᠢᠨ ᠠᠵᠤ ᠠᠬᠤᠶᠢᠯᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠯᠤᠮᠵᠢᠲᠤ ᠲᠥᠰᠦᠯ ᠢ ᠲᠣᠭᠲᠠᠭᠠᠵᠤ᠂ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢᠨ ᠰᠡᠳᠬᠢᠮᠵᠢ ᠶᠢ ᠳᠤᠷᠠᠳᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠷᠪᠠᠳᠠᠬᠢ ᠡᠲᠡᠭᠡᠳ ᠤᠨ ᠵᠥᠭᠡᠯᠡᠨ ᠲᠣᠨᠤᠭ ᠤᠨ ᠺᠣᠮᠫᠠᠨᠢ ᠶᠢ ᠤᠷᠢᠵᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠪᠥᠬᠦ ᠶᠠᠪᠤᠴᠠ ᠶᠢ ᠮᠥᠷᠳᠡᠬᠦ ᠰᠢᠰᠲ᠋ᠧᠮ ᠢ ᠰᠤᠳᠤᠯᠤᠨ ᠨᠡᠭᠡᠭᠡᠵᠦ᠂ ᠳᠠᠬᠢᠨ ᠳᠠᠪᠲᠠᠨ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠪᠠᠷ ᠳᠡᠮᠵᠢᠨ᠂ ᠡᠴᠦᠰ ᠲᠤ ᠪᠠᠨ ᠮᠡᠷᠭᠡᠵᠢᠯ ᠤᠨ ᠲᠠᠯ᠎ᠠ ᠪᠠᠷ ᠬᠢ ᠪᠠᠬᠢᠯᠡᠯᠲᠡ ᠶᠢ ᠰᠢᠪᠲᠤᠯᠵᠤ᠂ ᠪᠥᠬᠦ ᠬᠤᠲᠠ ᠶᠢᠨ ᠰᠢᠲᠠᠮᠠᠬᠠᠶ ᠬᠡᠶ ᠶᠢᠨ ᠰᠢᠰᠲ᠋ᠧᠮ ᠢ ᠣᠷᠭᠠᠨᠢᠭ ᠢᠶᠠᠷ ᠡᠮᠬᠢᠯᠡᠨ ᠨᠡᠶᠢᠯᠡᠭᠦᠯᠬᠦ ᠶᠢ  ᠪᠡᠶᠡᠯᠡᠭᠦᠯᠵᠦ᠂ ᠣᠳᠣᠬᠠᠨ ᠳᠤ ᠪᠥᠬᠦ ᠬᠤᠲᠠ ᠶᠢᠨ 5 ᠲᠦᠮᠡ ᠭᠠᠷᠤᠶ ᠪᠣᠯᠣᠳ ᠯᠣᠩᠬᠤ ᠶᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠶᠢ ᠴᠥᠮ ᠪᠡᠶᠡᠯᠡᠭᠦᠯᠪᠡ᠃

    ᠬᠤᠶᠠᠷ ᠲᠤ ᠂ ᠰᠢᠲᠠᠮᠠᠬᠠᠶ ᠬᠡᠶ ᠶᠢᠨ ᠮᠥᠷᠳᠡᠬᠦ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠭᠠᠷᠭᠠᠵᠤ᠂ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠢ ᠬᠦᠴᠦᠲᠡᠶ ᠪᠠᠲᠤᠯᠠᠪᠠ᠃ ᠬᠡᠶᠢᠲᠦ ᠯᠣᠩᠬᠤ ᠶᠢᠨ ᠰᠠᠪᠠᠯᠠᠯᠲᠠ ᠶᠢᠨ ᠠᠮᠤᠷ ᠲᠦᠪᠰᠢᠨ ᠤ ᠮᠥᠷᠳᠡᠬᠦ ᠰᠢᠰᠲ᠋ᠧᠮ ᠪᠣᠯ ︽ᠢᠨᠲ᠋ᠧᠷ ᠰᠦᠯᠵᠢᠶ᠎ᠡ + ᠪᠠᠷᠠᠭᠠᠨ ᠤ ᠰᠦᠯᠵᠢᠶ᠎ᠡ︾ ᠶᠢᠨ ᠮᠡᠷᠭᠡᠵᠢᠯ ᠢ ᠬᠡᠷᠡᠭᠯᠡᠵᠦ᠂ ᠺᠣᠮᠫᠢᠦ᠋ᠲ᠋ᠧᠷ ᠤᠨ ᠦᠵᠦᠭᠦᠷ᠂ ᠭᠠᠷ ᠤᠲᠠᠰᠤᠨ ᠤ ᠦᠵᠦᠭᠦᠷ ᠲᠤ ᠬᠠᠮᠲᠤ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠠᠵᠢᠯᠲᠠᠳ ᠭᠠᠷ ᠤᠲᠠᠰᠤ ᠪᠠᠷ ᠰᠢᠩᠭᠡᠨᠵᠢᠮᠡᠯ ᠬᠡᠢ ᠶᠢᠨ ᠯᠣᠩᠬᠤ ᠳᠡᠭᠡᠷᠡᠬᠢ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ᠂ ᠬᠡᠢ ᠶᠢᠨ ᠯᠣᠩᠬᠤᠨ ᠤ ᠣᠷᠣᠨ ᠪᠠᠶᠢᠷᠢ ᠶᠢ ᠴᠠᠭ ᠲᠤᠬᠠᠶ ᠳᠤ ᠨᠢ ᠰᠦᠯᠵᠢᠶᠡᠨ ᠳᠡᠭᠡᠷ᠎ᠡ ᠪᠠᠶᠢᠴᠠᠭᠠᠨ ᠦᠵᠡᠵᠦ᠂ ᠬᠠᠷᠢᠴᠠᠭᠤᠯᠵᠤ ᠪᠣᠯᠤᠨ᠎ᠠ᠃ ᠡᠭᠦᠨ ᠤ ᠬᠠᠮᠲᠤ᠂ ︽ᠨᠢᠭᠡ ᠯᠣᠩᠬᠤ ᠨᠢᠭᠡ ᠺᠣᠳ᠋᠂ ᠨᠢᠭᠡ ᠯᠣᠩᠬᠤ ᠨᠢᠭᠡ ᠲᠠᠩᠰᠠ ᠡᠪᠬᠡᠮᠡᠯ᠂ ᠰᠢᠷᠪᠢᠯᠲᠡ ᠶᠢᠨ ᠲᠡᠮᠳᠡᠭᠯᠡᠯ᠂ ᠠᠦ᠋ᠲ᠋ᠣ᠋ ᠳᠡᠭᠡᠭᠰᠢ ᠳᠠᠮᠵᠢᠭᠤᠯᠬᠤ︾ ᠵᠠᠷᠴᠢᠮ ᠶᠣᠰᠣᠭᠠᠷ᠂ ᠪᠥᠬᠦ ᠬᠤᠲᠠ ᠶᠢᠨ ᠰᠢᠲᠠᠮᠠᠬᠠᠶ ᠬᠡᠶ ᠶᠢᠨ ᠺᠣᠮᠫᠠᠨᠢ ᠶᠢᠨ ᠬᠡᠶᠢᠲᠦ ᠯᠣᠩᠬᠤ ᠶᠢᠨ ᠰᠠᠪᠠᠯᠠᠯᠲᠠ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ᠂ ᠪᠥᠬᠦ ᠬᠤᠲᠠ ᠶᠢᠨ ᠰᠢᠲᠠᠮᠠᠬᠠᠶ ᠬᠡᠶ ᠶᠢᠨ ᠯᠣᠩᠬᠤ ᠶᠢ ᠳᠡᠩᠰᠡᠯᠡᠨ ᠲᠡᠮᠳᠡᠭᠯᠡᠬᠦ᠂ ᠰᠠᠪᠠᠯᠠᠬᠤ᠂ ᠲᠡᠭᠡᠭᠡᠪᠦᠷᠢᠯᠡᠬᠦ᠂ ᠡᠷᠦᠬᠡ ᠳᠤ ᠣᠷᠤᠭᠤᠯᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠬᠤᠷᠢᠶᠠᠨ ᠠᠪᠬᠤ᠂ ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ ᠵᠡᠷᠭᠡ ᠭᠤᠭᠴᠤᠭ᠎ᠠ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠲᠡᠮᠳᠡᠭᠯᠡᠯ ᠳᠤ ᠬᠦᠷᠭᠡᠵᠦ᠂ ᠰᠢᠲᠠᠮᠠᠬᠠᠶ ᠬᠡᠶ ᠶᠢᠨ ᠯᠣᠩᠬᠤ ᠳᠤ ᠺᠣᠳ᠋ ᠣᠯᠭᠤᠬᠤ ᠠᠴᠠ ᠬᠡᠷᠡᠭᠯᠡᠭᠡᠨ ᠠᠴᠠ ᠭᠠᠷᠭᠠᠬᠤ ᠬᠦᠷᠲᠡᠯᠡᠬᠢ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠲᠡᠮᠳᠡᠭᠯᠡᠯ ᠢ ᠪᠡᠶᠡᠯᠡᠭᠦᠯᠵᠦ᠂ ᠰᠢᠲᠠᠮᠠᠬᠠᠶ ᠬᠡᠶ ᠶᠢᠨ ᠯᠣᠩᠬᠤ ᠶᠢᠨ ︽ᠢᠷᠡᠯᠲᠡ ᠶᠢ ᠪᠠᠶᠢᠴᠠᠭᠠᠵᠤ ᠪᠣᠯᠬᠤ᠂ ᠬᠠᠨᠳᠤᠰᠢ ᠶᠢ ᠨᠡᠬᠡᠮᠵᠢᠯᠡᠵᠦ ᠪᠣᠯᠬᠤ᠂ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ︾ ᠶᠢ ᠪᠡᠶᠡᠯᠡᠭᠦᠯᠦᠨ᠎ᠡ᠃

    ᠭᠤᠷᠪᠠ ᠳᠤ᠂ ᠤᠯᠠᠨ ᠰᠠᠯᠠᠭ᠎ᠠ ᠮᠥᠴᠢᠷ ᠠᠵᠢᠯ ᠤᠨ ᠨᠡᠶᠢᠯᠡᠯ ᠬᠦᠴᠦᠨ ᠢᠶᠠᠨ ᠪᠠᠳᠠᠷᠠᠭᠤᠯᠵᠤ᠂ ᠬᠡᠶᠢᠲᠦ ᠯᠣᠩᠬᠤ ᠶᠢᠨ ᠰᠠᠪᠠᠯᠠᠯᠲᠠ ᠶᠢᠨ ᠠᠮᠤᠷ ᠲᠦᠪᠰᠢᠨ ᠤ ᠮᠥᠷᠳᠡᠬᠦ ᠰᠢᠰᠲ᠋ᠧᠮ ᠤᠨ ᠬᠡᠷᠡᠭᠯᠡᠭᠡᠨ ᠤ ᠨᠣᠷᠮ᠎ᠠ ᠪᠠ ᠣᠶᠢᠯᠠᠭᠠᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠪᠡ᠃ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠠᠮᠲᠤᠷᠠᠨ ᠭᠤᠷᠪᠠᠨ ᠰᠢᠲᠠᠮᠠᠬᠠᠶ ᠬᠡᠶ ᠶᠢᠨ ᠠᠵᠤ ᠠᠬᠤᠶᠢᠯᠠᠯ ᠳᠤ ︽ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠨᠡᠶᠢᠲᠡᠯᠡᠵᠦ᠂ ︽ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠵᠠᠷᠯᠠᠯ︾ ᠢ ᠰᠢᠨᠵᠢᠯᠡᠬᠦ ᠤᠬᠠᠭᠠᠨᠴᠢ᠂ ᠵᠢᠷᠤᠮᠵᠢᠭᠤᠯᠤᠨ ᠬᠡᠷᠡᠭᠯᠡᠭᠰᠡᠨ ᠯᠣᠩᠬᠤ ᠶᠢ ᠮᠥᠷᠳᠡᠵᠦ ᠪᠣᠯᠬᠤ ᠰᠢᠰᠲ᠋ᠧᠮ ᠳᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠥᠭᠡᠳ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠤᠬᠠᠭᠤᠯᠤᠨ ᠲᠤᠭᠤᠰᠢᠯᠠᠭᠤᠯᠪᠠ᠃

    ᠰᠢᠲᠠᠮᠠᠬᠠᠶ ᠬᠡᠶ ᠶᠢᠨ ᠬᠡᠶᠢᠲᠦ ᠯᠣᠩᠬᠤᠨ ᠤ ᠰᠠᠪᠠᠯᠠᠯᠲᠠ ᠶᠢᠨ ᠠᠮᠤᠷ ᠲᠦᠪᠰᠢᠨ ᠤ ᠮᠥᠷᠳᠡᠬᠦ ᠰᠢᠰᠲ᠋ᠧᠮ ᠢ ᠲᠤᠷᠰᠢᠨ ᠠᠵᠢᠯᠯᠠᠭᠤᠯᠬᠤ ᠪᠣᠯ ᠮᠠᠨᠵᠤᠤᠷ ᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠴᠢᠬᠤᠯᠠ ᠠᠷᠭ᠎ᠠ ᠬᠡᠮᠵᠢᠶ᠎ᠡ ᠮᠥᠨ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠬᠡᠪ ᠵᠠᠭᠪᠤᠷ ᠢ ᠭᠦᠢᠴᠡᠳ ᠠᠰᠢᠭᠯᠠᠨ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠳᠠᠷᠠᠭ᠎ᠠ ᠠᠯᠬᠤᠮ ᠳᠤ᠂ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠶᠢᠲᠦ ᠯᠣᠩᠬᠤᠨ ᠤ ᠰᠠᠪᠠᠯᠠᠯᠲᠠ ᠶᠢᠨ ᠮᠥᠷᠳᠡᠬᠦ ᠰᠢᠰᠲ᠋ᠧᠮ ᠤᠨ ᠬᠡᠷᠡᠭᠯᠡᠯᠲᠡ ᠶᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠢᠩᠭᠡᠨᠵᠢᠮᠡᠯ ᠬᠡᠶᠢᠲᠦ ᠯᠣᠩᠬᠤᠨ ᠤ ᠠᠮᠤᠷ ᠲᠦᠪᠰᠢᠨ ᠰᠠᠪᠠᠯᠠᠯᠲᠠ ᠶᠢᠨ ᠪᠦᠬᠦ ᠶᠠᠪᠤᠴᠠ ᠳᠤ ᠪᠢᠲᠡᠭᠦᠦ ᠭᠤᠭᠴᠤᠭᠠᠲᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠰᠢᠰᠲ᠋ᠧᠮ ᠤᠨ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ ᠰᠢᠨᠡᠳᠬᠡᠵᠦ᠂ ᠰᠢᠲᠠᠮᠠᠬᠠᠶ ᠬᠡᠶ ᠶᠢᠨ ᠰᠠᠪᠠ ᠶᠢᠨ ᠬᠠᠮᠢᠶᠠᠷᠤᠯᠲᠠ ᠶᠢᠨ ᠲᠣᠭᠠᠵᠢᠭᠤᠯᠤᠯᠲᠠ ᠂ ᠤᠶᠤᠨᠴᠢᠯᠠᠯᠲᠠ ᠶᠢ ᠦᠨᠡᠨ ᠬᠦ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃

 

ᠢᠷᠡᠯᠲᠡ᠄ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ