ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠦᠨᠡᠯᠡᠯᠲᠡ ᠪᠠ ᠡᠨᠧᠷᠭᠢ ᠶᠢᠨ ᠠᠰᠢᠭᠯᠠᠮᠵᠢ ᠶᠢᠨ ᠰᠣᠷᠢᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/19

    2023 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ ᠨᠡᠶᠢᠲᠡ 168555 ᠴᠠᠬᠢᠯᠭᠠᠨ ᠱᠠᠲᠤ ᠲᠠᠢ ᠪᠠᠶᠢᠵᠤ᠂ ᠡᠭᠦᠨ ᠳᠤ ᠬᠠᠭᠤᠴᠢᠷᠠᠭᠰᠠᠨ ᠴᠠᠬᠢᠯᠭᠠᠨ ᠱᠠᠲᠤ ︵15 ᠵᠢᠯ ᠠᠴᠠ ᠳᠡᠭᠡᠭᠰᠢ︶ 5500 ᠠᠴᠠ ᠢᠯᠡᠭᠦᠦ ᠪᠠᠶᠢᠬᠤ ᠪᠠᠷ ᠵᠢᠱᠢᠵᠦ ᠪᠣᠶ᠃ ᠬᠡᠷᠡᠭᠯᠡᠭᠰᠡᠨ ᠵᠢᠯ ᠨᠢ ᠨᠡᠯᠢᠶᠡᠳ ᠤᠷᠲᠤ ᠪᠠᠶᠢᠬᠤ ᠬᠠᠭᠤᠴᠢᠷᠠᠭᠰᠠᠨ ᠴᠠᠬᠢᠯᠭᠠᠨ ᠱᠠᠲᠤᠨ ᠳᠤ ᠮᠠᠰᠢᠨ ᠤ ᠤᠭᠰᠠᠷᠠᠭ᠎ᠠ ᠲᠣᠨᠤᠭ ᠤᠨ ᠡᠯᠡᠭᠳᠡᠯ᠂ ᠴᠠᠬᠢᠯᠭᠠᠨ ᠲᠣᠨᠤᠭ ᠤᠨ ᠰᠡᠯᠪᠢᠭ ᠲᠣᠨᠤᠭ ᠤᠨ ᠬᠠᠭᠤᠴᠢᠷᠠᠯ᠂ ᠠᠴᠢᠶ᠎ᠠ ᠬᠡᠲᠦᠷᠡᠨ ᠠᠵᠢᠯᠯᠠᠭᠤᠯᠤᠭᠰᠠᠨ ᠠᠴᠠ ᠪᠣᠯᠣᠭᠰᠠᠨ ᠦᠢᠯᠡᠳᠬᠦᠨ ᠤ ᠶᠠᠰᠤ ᠴᠢᠨᠠᠷ ᠤᠨ ᠴᠢᠳᠠᠮᠵᠢ ᠶᠢᠨ ᠳᠣᠷᠤᠭᠰᠢᠯᠠᠯ᠂ ᠰᠠᠭᠠᠳ ᠬᠠᠷᠰᠢ ᠶᠢᠨ ᠨᠣᠷᠮ᠎ᠠ ᠶᠢᠨ ᠨᠡᠮᠡᠭᠳᠡᠯ ᠵᠡᠷᠭᠡ ᠠᠰᠠᠭᠤᠳᠠᠯ ᠣᠷᠣᠰᠢᠵᠤ ᠪᠠᠶᠢᠬᠤ ᠮᠥᠷᠲᠡᠬᠡᠨ ᠣᠳᠣ ᠶᠢᠨ ᠬᠡᠷᠡᠭᠵᠢᠭᠦᠯᠵᠦ ᠪᠠᠶᠢᠭ᠎ᠠ ᠴᠠᠬᠢᠯᠭᠠᠨ ᠱᠠᠲᠤ ᠳᠤ ᠬᠡᠷᠡᠭᠯᠡᠭᠡᠨ ᠠᠴᠠ ᠭᠠᠷᠭᠠᠬᠤ ᠣᠨ ᠤ ᠲᠤᠭᠳᠠᠭᠠᠯ ᠲᠣᠳᠣᠷᠬᠠᠶ ᠦᠭᠡᠶ ᠪᠠᠶᠢᠵᠤ᠂ ᠨᠡᠯᠢᠶᠡᠳ ᠣᠯᠠᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠃

    ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠪᠠ

    ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ︽ᠶᠡᠭᠡ ᠬᠡᠪᠴᠢᠶᠡᠵᠢᠯ ᠢᠶᠠᠷ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠤᠨ ᠬᠠᠭᠤᠴᠢᠨ ᠢ ᠰᠢᠨ᠎ᠡ ᠪᠠᠷ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾᠂ ︽ᠴᠠᠬᠢᠯᠭᠠᠨ ᠱᠠᠲᠤᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠢᠳᠡᠪᠬᠢᠲᠡᠶ ᠳᠠᠭᠠᠵᠤ᠂ ᠠᠮᠤᠷ ᠲᠦᠪᠰᠢᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠨ᠂ ᠮᠡᠷᠭᠡᠵᠢᠯ ᠢᠶᠠᠷ ᠭᠠᠷᠳᠠᠴᠠ ᠪᠣᠯᠭᠠᠵᠤ᠂ ︽ᠪᠠᠶᠢᠭᠤᠯᠬᠤ ᠠᠵᠢᠯᠯᠠᠭᠤᠯᠬᠤ ᠦᠢᠯᠡᠴᠢᠯᠡᠬᠦ ᠶᠢ ᠵᠡᠷᠭᠡ ᠪᠠᠷ ᠶᠠᠪᠤᠭᠳᠠᠭᠤᠯᠬᠤ︾ ᠵᠠᠷᠴᠢᠮ ᠶᠣᠰᠣᠭᠠᠷ᠂ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠴᠠᠬᠢᠯᠭᠠᠨ ᠱᠠᠲᠤᠨ ᠤ ᠬᠠᠮᠢᠶᠠᠷᠤᠯᠲᠠ ᠶᠢᠨ ᠬᠡᠮᠵᠢᠶ᠎ᠡ ᠬᠢᠭᠡᠳ ᠴᠠᠬᠢᠯᠭᠠᠨ ᠱᠠᠲᠤᠨ ᠤ ᠲᠤᠰ ᠴᠣᠭᠴᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠶᠠᠪᠤᠵᠤ ᠰᠠᠭᠤᠬᠤ ᠳᠤ ᠱᠠᠲᠤ ᠬᠡᠷᠡᠭᠯᠡᠬᠦ ᠠᠮᠤᠷ ᠲᠦᠪᠰᠢᠨ ᠢ ᠬᠦᠴᠦᠲᠡᠶ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠬᠦ᠂ ᠥᠭᠡᠷᠡᠴᠢᠯᠡᠬᠦ ᠶᠢ ᠬᠡᠷᠡᠭᠵᠢᠭᠦᠯᠬᠦ ᠲᠥᠰᠦᠯ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠶᠢᠨ ᠡᠯ᠎ᠡ ᠬᠤᠪᠢᠶᠠᠷᠢ ᠬᠤᠷᠢᠶ᠎ᠠ ᠨᠢ ᠰᠠᠨᠠᠭᠠᠴᠢᠯᠠᠭ᠎ᠠ ᠠᠴᠠ ᠪᠠᠨ ᠠᠶᠢᠮᠠᠭ ᠬᠤᠲᠠ ᠶᠢᠨ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠷᠢᠯᠴᠠᠵᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ ᠶᠢ ᠰᠠᠶᠢᠲᠤᠷ ᠬᠢᠪᠡ᠃ ᠡᠭᠦᠨ ᠤ ᠬᠠᠮᠲᠤ ᠵᠠᠰᠠᠬᠤ᠂ ᠥᠭᠡᠷᠡᠴᠢᠯᠡᠬᠦ᠂ ᠰᠢᠨᠡᠳᠬᠡᠬᠦ ᠰᠠᠨᠠᠭᠤᠯᠭ᠎ᠠ ᠳᠤᠷᠠᠳᠴᠤ᠂ ᠬᠠᠭᠤᠴᠢᠷᠠᠭᠰᠠᠨ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠶᠡᠭᠡ ᠵᠠᠰᠠᠯᠲᠠ ᠶᠢᠨ ᠠᠵᠢᠯ ᠢ ᠠᠬᠢᠭᠤᠯᠪᠠ᠃ ᠴᠠᠬᠢᠯᠭᠠᠨ ᠱᠠᠲᠤᠨ ᠤ ᠭᠡᠮ ᠰᠣᠭᠤᠭ ᠢ ᠵᠠᠭᠠᠯᠳᠤᠬᠤ ᠨᠤᠷᠮ᠎ᠠ ᠶᠢ ᠪᠦᠲᠦᠮᠵᠢᠲᠡᠢ ᠪᠠᠭᠤᠷᠠᠭᠤᠯᠵᠤ᠂ ᠥᠮᠴᠢᠲᠡᠨ᠂ ᠠᠳᠠᠯ ᠠᠬᠤᠢ᠂ ᠬᠠᠮᠠᠭᠠᠯᠠᠯᠲᠠ ᠶᠢᠨ ᠬᠤᠭᠤᠷᠤᠨᠳᠤᠬᠢ ᠵᠦᠷᠢᠴᠡᠯ ᠢ ᠰᠢᠢᠳᠪᠦᠷᠢᠯᠡᠵᠡᠢ᠃

    ᠬᠠᠭᠤᠴᠢᠷᠠᠭᠰᠠᠨ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠯᠲᠡ ᠪᠠᠷ ᠬᠢᠨᠠᠨ ᠪᠠᠶᠢᠴᠠᠭᠠᠯᠲᠠ  ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠯᠭᠠᠪᠠ

    ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠬᠠᠭᠤᠴᠢᠷᠠᠭᠰᠠᠨ ᠴᠠᠬᠢᠯᠭᠠᠨ ᠱᠠᠲᠤ ᠶᠢ ᠦᠨᠡᠯᠡᠨ ᠵᠢᠱᠢᠬᠦ ᠡᠨᠡ ᠬᠦ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠪᠥᠬᠦ ᠣᠷᠣᠨ ᠢ ᠬᠠᠮᠤᠷᠤᠭᠰᠠᠨ ᠳᠠᠪᠠᠭᠤᠯᠢᠭ ᠢ ᠪᠠᠳᠠᠷᠠᠭᠤᠯᠵᠤ᠂ ᠬᠠᠭᠤᠴᠢᠷᠠᠭᠰᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠂ ᠬᠠᠭᠤᠴᠢᠷᠠᠭᠰᠠᠨ ᠴᠠᠬᠢᠯᠭᠠᠨ ᠱᠠᠲᠤᠨ ᠤ ᠣᠳᠣᠬᠢ ᠪᠠᠶᠢᠳᠠᠯ ᠢ ᠵᠠᠳᠠᠯᠤᠭᠰᠠᠨ ᠮᠡᠳᠡᠭᠦᠯᠦᠯᠲᠡ ᠶᠢ ᠲᠤᠭᠤᠷᠪᠢᠵᠤ᠂ ᠬᠥᠬᠡᠬᠤᠲᠠ ᠶᠢᠨ ᠭᠠᠵᠠᠷ ᠣᠷᠣᠨ ᠤ ᠬᠠᠭᠤᠴᠢᠷᠠᠭᠰᠠᠨ ᠣᠷᠣᠨ ᠰᠠᠭᠤᠴᠠ ᠶᠢᠨ ᠴᠠᠬᠢᠯᠭᠠᠨ ᠱᠠᠲᠤᠨ ᠤ ᠲᠠᠷᠬᠠᠯᠲᠠ ᠶᠢ ᠵᠠᠳᠠᠯᠤᠨ ᠰᠢᠨᠵᠢᠯᠡᠵᠦ ᠨᠠᠷᠢᠨ ᠨᠢᠭᠲᠠ ᠪᠠᠶᠢᠳᠠᠯ ᠢ ᠬᠤᠷᠢᠶᠠᠩᠭᠤᠶᠢᠯᠠᠬᠤ ᠶᠢ ᠪᠡᠶᠡᠯᠡᠭᠦᠯᠪᠡ︔ ᠴᠠᠬᠢᠯᠭᠠᠨ ᠱᠠᠲᠤ ᠶᠢ ᠦᠨᠡᠯᠡᠨ ᠵᠢᠱᠢᠬᠦ ᠲᠥᠪ ᠤᠨ ᠠᠵᠢᠯ ᠤᠨ ᠵᠢᠯᠣᠭᠤᠳᠬᠤ ᠪᠢᠴᠢᠭ ᠢ ᠲᠡᠭᠦᠯᠳᠡᠷᠵᠢᠭᠦᠯᠵᠦ᠂ ᠠᠵᠢᠯ ᠤᠨ ᠪᠢᠴᠢᠭ ᠮᠠᠲ᠋ᠧᠷᠢᠶᠠᠯ ᠢ ᠲᠡᠮᠳᠡᠭᠯᠡᠬᠦ ᠪᠠ ᠮᠡᠳᠡᠭᠦᠯᠵᠦ᠂ ᠬᠠᠭᠤᠴᠢᠷᠠᠭᠰᠠᠨ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠨ ᠵᠢᠱᠢᠬᠦ ᠶᠠᠰᠤ ᠴᠢᠨᠠᠷ ᠢ ᠳᠡᠭᠡᠭᠰᠢᠯᠡᠭᠦᠯᠬᠦ ᠲᠥᠰᠦᠯ ᠢ ᠪᠣᠶ ᠪᠣᠯᠭᠠᠵᠤ᠂ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠬᠦᠭᠡᠷᠦᠮᠵᠢ ᠶᠢᠨ ᠪᠠᠶᠢᠳᠠᠯ ᠪᠠ ᠳᠠᠯᠳᠠ ᠬᠡᠮ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠴᠠᠬᠢᠯᠭᠠᠨ ᠱᠠᠲᠤᠨ ᠤ ᠬᠢᠷᠢ ᠲᠡᠩᠴᠡᠬᠦ ᠥᠬᠡᠶ ᠵᠦᠢᠯ ᠪᠠ ᠭᠡᠮᠲᠦᠯ ᠤᠨ ᠬᠠᠨᠳᠤᠰᠢ ᠶᠢ ᠡᠵᠡᠮᠰᠢᠵᠦ᠂ ᠬᠠᠭᠤᠴᠢᠷᠠᠭᠰᠠᠨ ᠴᠠᠬᠢᠯᠭᠠᠨ ᠱᠠᠲᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠠᠮᠠᠭᠠᠯᠠᠯᠲᠠ ᠳᠤ ᠮᠡᠷᠭᠡᠵᠢᠯ ᠤᠨ ᠳᠡᠮᠵᠢᠯᠭᠡ ᠬᠠᠩᠭᠠᠪᠠ᠃

    ᠲᠣᠰ ᠪᠡᠶ᠎ᠡ ᠶᠢᠨ ᠢᠶᠠᠨ ︽ᠬᠠᠲᠠᠭᠤ ᠪᠣᠳᠠᠲᠤ ᠬᠦᠴᠦᠨ︾ ᠢᠶᠠᠨ ᠳᠡᠭᠡᠭᠰᠢᠯᠡᠭᠦᠯᠵᠦ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠮᠡᠷᠭᠡᠵᠢᠯ ᠤᠨ ᠦᠢᠯᠡᠴᠢᠯᠡᠭᠡᠨ ᠤ ᠰᠢᠨ᠎ᠡ ᠥᠨᠳᠦᠷᠯᠢᠭ ᠢ ᠴᠣᠭᠴᠠᠯᠠᠪᠠ

    ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠲᠣᠰ ᠪᠡᠶ᠎ᠡ ᠶᠢᠨ ᠢᠶᠠᠨ ︽ᠬᠠᠲᠠᠭᠤ ᠪᠣᠳᠠᠲᠤ ᠬᠦᠴᠦᠨ︾ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠠᠬᠢᠯᠭᠠᠨ ᠱᠠᠲᠤᠨ ᠤ ᠦᠨᠡᠯᠡᠨ ᠵᠢᠱᠢᠬᠦ ᠲᠥᠪ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠲᠥᠬᠦᠭᠡᠷᠦᠮᠵᠢ ᠶᠢ ᠪᠦᠷᠢᠨᠵᠢᠭᠦᠯᠦᠨ᠂ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠨ ᠵᠢᠱᠢᠯᠲᠡ ᠶᠢᠨ ᠡᠯ᠎ᠡ ᠵᠦᠢᠯ ᠤᠨ ᠪᠠᠶᠢᠴᠠᠭᠠᠨ ᠰᠢᠯᠭᠠᠬᠤ᠂ ᠲᠤᠷᠰᠢᠬᠤ ᠴᠢᠳᠠᠪᠤᠷᠢ ᠶᠢ ᠦᠨᠡᠯᠡᠪᠡ᠃ ᠡᠨᠡ ᠵᠢᠯ 3 ᠮᠡᠷᠭᠡᠵᠢᠯ ᠤᠨ ᠭᠤᠣᠯᠯᠠᠭᠴᠢ ᠶᠢ ᠲᠣᠮᠢᠯᠠᠨ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠯᠲᠡ ᠶᠢᠨ ᠳᠦᠷᠢᠮᠵᠢᠯ ᠳᠤ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠳᠤ ᠣᠷᠣᠯᠴᠠᠭᠤᠯᠪᠠ︔ ᠪᠥᠬᠦ ᠬᠦᠷᠢᠶᠡᠯᠡᠩ ᠤᠨ ᠴᠠᠬᠢᠯᠭᠠᠨ ᠱᠠᠲᠤ ᠶᠢ ᠦᠨᠡᠯᠡᠨ ᠵᠢᠱᠢᠬᠦ ᠠᠵᠢᠯᠲᠠᠨ ᠳᠤ ᠲᠥᠪᠯᠡᠷᠡᠭᠦᠯᠦᠨ ᠪᠣᠯᠪᠠᠰᠤᠷᠠᠯ ᠬᠢᠪᠡ︔ ᠤᠯᠤᠰ ᠤᠨ ᠪᠠᠷᠢᠮᠵᠢᠶ᠎ᠠ ᠶᠢ ᠬᠡᠷᠡᠭᠯᠡᠵᠦ ᠪᠠᠶᠢᠭ᠎ᠠ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠯᠲᠡ ᠶᠢᠨ ᠵᠢᠷᠤᠮᠵᠢᠯ ︵GB/T42615 - 2023︶ ᠢ ᠲᠤᠭᠤᠷᠪᠢᠨ ᠪᠢᠴᠢᠬᠦ ᠲᠤᠰᠬᠠᠶ ᠮᠡᠷᠭᠡᠵᠢᠯᠲᠡᠨ ᠢ ᠤᠷᠢᠵᠤ ᠬᠥᠬᠡᠬᠤᠲᠠ ᠳᠤ ᠬᠢᠴᠢᠶᠡᠯ ᠣᠷᠣᠭᠤᠯᠪᠠ︔ ᠲᠤᠰᠬᠠᠶ ᠳᠤᠭᠤᠶᠢᠯᠠᠩ ᠪᠠᠶᠢᠭᠤᠯᠵᠤ ᠪᠠᠶᠢᠴᠠᠭᠠᠨ ᠰᠤᠳᠤᠯᠤᠯᠲᠠ ᠬᠢᠵᠦ᠂ ︽ᠥᠪᠥᠷ ᠮᠣᠩᠭᠤᠯ ᠤᠨ ᠴᠠᠬᠢᠯᠭᠠᠨ ᠱᠠᠲᠤ ᠶᠢ ᠦᠨᠡᠯᠡᠨ ᠵᠢᠱᠢᠬᠦ ᠵᠢᠷᠤᠮᠵᠢᠯ︾ ᠳᠤ ᠵᠠᠰᠠᠪᠤᠷᠢ ᠣᠷᠣᠭᠤᠯᠵᠤ᠂ ᠴᠠᠬᠢᠯᠭᠠᠨ ᠱᠠᠲᠤᠨ ᠤ ᠡᠨᠧᠷᠭᠢ ᠶᠢᠨ ᠠᠰᠢᠭᠯᠠᠮᠵᠢ ᠶᠢᠨ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢ ᠲᠤᠭᠤᠷᠪᠢᠵᠤ᠂ ᠥᠪᠥᠷ ᠮᠣᠩᠭᠤᠯ ᠤᠨ ᠬᠠᠭᠤᠴᠢᠷᠠᠭᠰᠠᠨ ᠴᠠᠬᠢᠯᠭᠠᠨ ᠱᠠᠲᠤ ᠶᠢ ᠦᠨᠡᠯᠡᠨ ᠵᠢᠱᠢᠬᠦ ᠵᠢᠷᠤᠮᠵᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠠᠵᠢᠯ ᠢ ᠪᠡᠶᠡᠯᠡᠭᠦᠯᠪᠡ︔ ᠠᠵᠢᠯᠯᠠᠬᠤ ᠪᠢᠴᠢᠭ ᠮᠠᠲ᠋ᠧᠷᠢᠶᠠᠯ ᠢ ᠲᠥᠪᠯᠡᠷᠡᠭᠦᠯᠦᠨ ᠰᠤᠳᠤᠯᠤᠨ ᠶᠠᠷᠢᠯᠴᠠᠬᠤ ᠶᠢ ᠪᠡᠶᠡᠯᠡᠭᠦᠯᠵᠦ᠂ ᠤᠯᠠᠭᠠᠨᠴᠠᠪ ᠤᠨ ᠬᠤᠪᠢᠶᠠᠷᠢ ᠬᠦᠷᠢᠶᠡᠯᠡᠩ᠂ ᠡᠷᠢᠶᠡᠨ ᠬᠤᠲᠠ ᠶᠢᠨ ᠬᠤᠪᠢᠶᠠᠷᠢ ᠬᠦᠷᠢᠶᠡᠯᠡᠩ ᠤᠨ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠨ ᠵᠢᠱᠢᠬᠦ ᠠᠵᠢᠯ ᠢ ᠵᠢᠯᠣᠭᠤᠳᠪᠠ᠃ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠨ ᠵᠢᠱᠢᠬᠦ ᠵᠢᠷᠤᠮᠵᠢᠯ ᠳᠤ ᠪᠠᠷᠢᠮᠵᠢᠶᠠᠵᠢᠭᠤᠯᠬᠤ ᠱᠠᠭᠠᠷᠳᠠᠯᠭ᠎ᠠ ᠭᠠᠷᠭᠠᠵᠤ᠂ ᠬᠡᠷᠡᠭᠯᠡᠵᠦ ᠪᠠᠶᠢᠭ᠎ᠠ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠨ ᠵᠢᠱᠢᠬᠦ ᠠᠵᠢᠯ ᠥᠷᠨᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠶᠡᠷᠦᠩᠬᠡᠶᠢᠯᠡᠭᠰᠡᠨ ᠮᠡᠷᠭᠡᠵᠢᠯ ᠴᠢᠳᠠᠪᠤᠷᠢ ᠶᠢᠨ ᠰᠢᠯᠭᠠᠯᠲᠠ ᠬᠢᠬᠦ ᠪᠠᠷ ᠳᠠᠮᠵᠢᠭᠤᠯᠤᠨ᠂ ᠳᠡᠭᠡᠳᠦ ᠳᠠᠪᠬᠤᠷᠭ᠎ᠠ᠂ ᠥᠨᠳᠥᠷ ᠬᠡᠪ ᠴᠢᠨᠠᠷ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠵᠦ᠂ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠯᠲᠡ ᠪᠠ ᠡᠨᠧᠷᠭᠢ ᠶᠢᠨ ᠠᠰᠢᠭᠯᠠᠮᠵᠢ ᠶᠢᠨ ᠰᠤᠷᠢᠯᠲᠠ ᠶᠢᠨ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠤᠨ᠂ ᠴᠠᠬᠢᠯᠭᠠᠨ ᠱᠠᠲᠤᠨ ᠤ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠬᠤᠷᠢᠶ᠎ᠠ ᠴᠠᠬᠢᠯᠭᠠᠨ ᠱᠠᠲᠤᠨ ᠤ ᠠᠮᠤᠷ ᠲᠦᠪᠰᠢᠨ ᠢ ᠦᠨᠡᠯᠡᠨ ᠵᠢᠱᠢᠬᠦ ᠬᠦᠷᠢᠶ᠎ᠡ ᠴᠠᠷᠠᠭ᠎ᠠ ᠳᠤ ᠦᠷᠭᠦᠯᠵᠢᠯᠡᠨ ᠭᠦᠨᠵᠡᠭᠡᠶᠢᠷᠡᠵᠦ᠂ ᠮᠡᠷᠭᠡᠵᠢᠯ ᠤᠨ ᠪᠠᠶᠢᠴᠠᠭᠠᠨ ᠬᠡᠮᠵᠢᠯᠲᠡ᠂ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠡᠯᠡᠯᠲᠡ ᠶᠢᠨ ᠮᠡᠳᠡᠭᠦᠯᠦᠯᠲᠡ ᠳᠤ ᠴᠢᠩᠭ᠎ᠠ ᠨᠢᠮᠪᠠᠶ ᠴᠢᠨᠠᠷ᠂ ᠡᠷᠬᠡ ᠰᠦᠷᠲᠦ ᠴᠢᠨᠠᠷ ᠭᠠᠷᠭᠠᠬᠤ ᠶᠢ ᠵᠢᠷᠤᠮᠵᠢᠭᠤᠯᠵᠤ᠂ ᠴᠠᠬᠢᠯᠭᠠᠨ ᠱᠠᠲᠤ ᠶᠢ ᠦᠨᠡᠯᠡᠨ ᠵᠢᠱᠢᠬᠦ ᠲᠥᠷᠥᠯ ᠵᠦᠢᠯ ᠳᠤ ᠴᠢᠭᠯᠡᠭᠦᠯᠦᠨ CMA ᠶᠢ ᠭᠤᠶᠤᠴᠢᠯᠠᠬᠤ ᠪᠠᠷ ᠪᠡᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ᠂ ᠥᠭᠡᠷᠡᠴᠢᠯᠡᠬᠦ ᠪᠠ ᠴᠢᠬᠤᠯᠠ ᠶᠡᠭᠡ ᠰᠡᠯᠪᠢᠨ ᠵᠠᠰᠠᠬᠤ ᠠᠵᠢᠯ ᠢ ᠪᠡᠶᠡᠯᠡᠭᠦᠯᠵᠦ᠂ ᠮᠡᠷᠭᠡᠵᠢᠯ ᠤᠨ ᠲᠤᠯᠭᠠᠭᠤᠷᠢᠯᠠᠯ ᠢ ᠰᠠᠶᠢᠲᠤᠷ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠣᠯᠣᠨ᠎ᠠ ᠃

 

ᠢᠷᠡᠯᠲᠡ᠄ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ