ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ︽ᠲᠠᠮᠠᠬᠢᠨ ᠺᠠᠷᠲ︾ ᠪᠣᠷᠤᠯᠠᠭᠤᠯᠵᠤ ᠪᠠᠶᠢᠭ᠎ᠠ ᠪᠠᠶᠢᠳᠠᠯ ᠳᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/19

    ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠲᠠᠮᠠᠬᠢᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠡᠵᠡᠩᠨᠡᠬᠦ ᠵᠢᠴᠢ ︽ᠲᠠᠮᠠᠬᠢᠨ ᠺᠠᠷᠲ︾ ᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠰᠠᠮᠠᠭᠤᠷᠠᠭᠤᠯᠬᠤ ᠠᠰᠠᠭᠤᠳᠠᠯ ᠳᠤ ᠴᠢᠭᠯᠡᠭᠦᠯᠦᠨ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠲᠠᠮᠠᠬᠢᠨ ᠤ ᠵᠡᠷᠭᠡ ᠰᠠᠯᠠᠭ᠎ᠠ ᠮᠥᠴᠢᠷ ᠤᠳ  ᠲᠠᠢ ᠬᠠᠮᠲᠤᠷᠠᠨ ︽ᠲᠠᠮᠠᠬᠢᠨ ᠺᠠᠷᠲ︾ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠲᠤ ᠲᠠᠮᠠᠬᠢᠨ ᠤ ᠪᠦᠲᠦᠭᠡᠭᠳᠡᠬᠦᠨ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠠᠢ᠃

    ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠷᠠᠭᠤᠯᠵᠤ ᠂ ︽ᠲᠠᠮᠠᠬᠢᠨ ᠤ ᠺᠠᠷᠲ︾ ᠤᠨ ᠭᠦᠢᠯᠭᠡᠭᠡᠨ ᠤ ᠵᠠᠮ ᠢ ᠰᠠᠶᠢᠲᠤᠷ ᠬᠤᠷᠢᠭᠯᠠᠪᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠠᠬᠢ ᠬᠤᠳᠠᠯᠳᠤᠭᠠᠨ ᠤ ᠬᠡᠲᠦ ᠳᠡᠯᠭᠡᠭᠦᠷ᠂ ᠪᠢᠴᠢᠭ ᠤᠨ ᠬᠡᠷᠡᠭᠰᠡᠯ ᠂ ᠵᠢᠵᠢᠭ ᠰᠤᠯᠠ ᠪᠠᠷᠠᠭᠠᠨ ᠤ ᠳᠡᠯᠭᠡᠭᠦᠷ ᠵᠡᠷᠭᠡ ᠪᠠᠷ ᠭᠤᠤᠯᠳᠠᠯᠭ᠎ᠠ ᠪᠣᠯᠭᠠᠵᠤ᠂ ᠡᠵᠡᠩᠨᠡᠯᠲᠡ ᠶᠢᠨ ᠡᠷᠦᠬᠡ ᠳᠤ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠭᠡᠷᠡᠴᠢ ᠪᠠᠷᠢᠮᠲᠠ ᠠᠪᠤᠭᠰᠠᠨ ᠡᠰᠡᠬᠦ᠂ ︽ᠬᠤᠷᠢᠭ᠎ᠠ ᠱᠤᠭᠤᠮ ᠥᠬᠡᠶ ᠪᠠᠷ ᠡᠵᠡᠩᠨᠡᠨ ᠪᠣᠷᠤᠯᠠᠭᠤᠯᠤᠭᠰᠠᠨ ︾ ᠡᠰᠡᠬᠦ᠂ ᠨᠠᠰᠤᠨ ᠳᠤ ᠥᠯᠥ ᠭᠦᠷᠦᠭᠰᠡᠳ ᠲᠤ ᠲᠠᠮᠠᠬᠢ ᠵᠢᠴᠢ ᠲᠠᠮᠠᠬᠢᠨ ᠤ ᠪᠦᠲᠦᠭᠡᠭᠳᠡᠬᠦᠨ ᠪᠣᠷᠣᠯᠠᠭᠤᠯᠤᠭᠰᠠᠨ ᠡᠰᠡᠬᠦ᠂ ᠨᠠᠰᠤᠨ ᠳᠤ ᠥᠯᠥ ᠭᠦᠷᠦᠭᠰᠡᠳ ᠢ ᠬᠥᠲᠥᠯᠦᠨ ᠵᠢᠯᠣᠭᠤᠳᠴᠤ ᠪᠠᠶᠢᠭᠠᠳ ︽ᠲᠠᠮᠠᠬᠢᠨ ᠤ ᠺᠠᠷᠲ ︾ ᠢ ᠬᠤᠳᠠᠯᠳᠤᠨ ᠠᠪᠤᠭᠤᠯᠤᠭᠰᠠᠨ ᠂ ᠬᠡᠷᠡᠭᠯᠡᠭᠦᠯᠦᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ᠂ ᠵᠢᠴᠢ ᠪᠣᠷᠣᠯᠠᠭᠤᠯᠬᠤ ᠲᠠᠯᠠᠪᠤᠷ ᠲᠤ ᠨᠠᠰᠤᠨ ᠳᠤ ᠥᠯᠥ ᠭᠦᠷᠦᠭᠰᠡᠳ ᠲᠤ ᠲᠠᠮᠠᠬᠢᠨ ᠤ ᠪᠦᠲᠦᠭᠡᠭᠳᠡᠬᠦᠨ ᠪᠣᠷᠣᠯᠠᠭᠤᠯᠬᠤ ᠶᠢ ᠬᠤᠷᠢᠭᠯᠠᠬᠤ ᠬᠤᠯᠪᠣᠭᠳᠠᠯ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠳᠬᠠᠪᠠ᠃ ᠪᠠᠶᠢᠴᠠᠭᠠᠬᠤ ᠶᠠᠪᠤᠴᠠ ᠳᠤ ᠡᠵᠡᠩᠨᠡᠯᠲᠡ ᠶᠢᠨ ᠭᠤᠤᠯ ᠴᠣᠭᠴᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠮᠠᠬᠢ ᠲᠤᠰᠬᠠᠶ ᠬᠤᠳᠠᠯᠳᠤᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠬᠠᠶ ᠶᠢᠨ ᠲᠠᠯᠠᠪᠤᠷ ᠲᠤ ᠨᠢ ᠤᠬᠠᠭᠤᠯᠵᠤ᠂ ᠡᠵᠡᠩᠨᠡᠭᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠨᠢ ᠭᠦᠢᠴᠡᠳᠭᠡᠭᠦᠯᠵᠦ᠂ ᠲᠣᠰ ᠪᠡᠶ᠎ᠡ ᠶᠢᠨ ᠡᠵᠡᠩᠨᠡᠯᠲᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠂ 3C ᠶᠠᠰᠤ ᠴᠢᠨᠠᠷ ᠤᠨ ᠭᠡᠷᠡᠴᠢᠯᠡᠯ᠂ ᠶᠠᠰᠤ ᠴᠢᠨᠠᠷ ᠤᠨ ᠪᠠᠷᠢᠮᠵᠢᠶ᠎ᠠ ᠵᠡᠷᠭᠡ ᠬᠤᠯᠪᠣᠭᠳᠠᠯ ᠪᠥᠬᠦᠶ ᠪᠠᠷᠠᠭ᠎ᠠ ᠣᠷᠣᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠥᠬᠡᠶ ᠦᠢᠯᠡᠳᠭᠦᠨ ᠢ ᠬᠤᠳᠠᠯᠳᠤᠨ ᠠᠪᠬᠤ ᠥᠬᠡᠶ᠂ ᠪᠣᠷᠣᠯᠠᠭᠤᠯᠬᠤ ᠥᠬᠡᠶ ᠪᠠᠶᠢᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠷᠢᠭᠤᠴᠠᠯᠭ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠬᠡᠷ ᠤᠨ ᠠᠬᠠᠮᠠᠳ᠂ ᠪᠠᠭᠰᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤ ᠪᠠᠷ ᠠᠩᠬᠠᠷᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠪᠣᠯᠤᠨ ᠬᠡᠷ ᠤᠨ ᠠᠬᠠᠮᠠᠳ ᠤᠨ ︽ᠲᠠᠮᠠᠬᠢᠨ ᠤ ᠺᠠᠷᠲ︾ ᠤᠨ ᠲᠣᠭᠯᠠᠭᠠᠮ ᠤᠨ ᠲᠤᠬᠠᠶ ᠲᠠᠨᠢᠯᠲᠠ ᠶᠢ ᠨᠢ ᠳᠡᠭᠡᠭᠰᠢᠯᠡᠭᠦᠯᠦᠨ᠂ ᠨᠠᠰᠤᠨ ᠳᠤ ᠥᠯᠥ ᠭᠦᠷᠦᠭᠰᠡᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢ ᠤᠷᠢᠶᠠᠯᠠᠪᠠ᠃

    ᠣᠳᠣᠬᠠᠨ ᠳᠤ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 115 ᠡᠷᠦᠬᠡ ᠪᠠᠶᠢᠴᠠᠭᠠᠵᠤ᠂ ᠪᠠᠶᠢᠴᠠᠭᠠᠬᠤ ᠶᠠᠪᠤᠴᠠ ᠳᠤ 6 ᠡᠵᠡᠩᠨᠡᠯᠲᠡ ᠶᠢᠨ ᠡᠷᠦᠬᠡ ᠳᠤ ︽ᠲᠠᠮᠠᠬᠢᠨ ᠤ ᠺᠠᠷᠲ︾ ᠪᠣᠷᠣᠯᠠᠭᠤᠯᠤᠭᠰᠠᠨ ᠠᠵᠢᠯᠯᠠᠭ᠎ᠠ ᠣᠷᠣᠰᠢᠵᠤ ᠪᠠᠶᠢᠬᠤ ᠶᠢ ᠢᠯᠡᠷᠡᠭᠦᠯᠵᠡᠢ᠂ ᠡᠭᠦᠨ ᠳᠤ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤ ᠨᠢ ᠬᠤᠷᠢᠭᠯᠠᠨ ᠵᠣᠭᠰᠣᠭᠠᠵᠤ᠂ ᠨᠢᠭᠡᠨᠲᠡ ᠵᠠᠷᠯᠢᠭᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠷᠠᠭᠤᠯᠵᠤ ᠂ ᠡᠵᠡᠩᠨᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠨᠠᠰᠤᠨ ᠳᠤ ᠥᠯᠥ ᠭᠦᠷᠦᠭᠰᠡᠳ ᠲᠤ ᠶᠠᠮᠠᠷᠪᠠ ᠬᠡᠯᠪᠡᠷᠢ ᠶᠢᠨ ᠲᠠᠮᠠᠬᠢᠨ ᠤ ᠪᠦᠲᠦᠭᠡᠭᠳᠡᠬᠦᠨ ᠪᠤᠶᠤ ᠬᠤᠯᠪᠣᠭᠳᠠᠯ ᠪᠥᠬᠦᠶ ᠡᠳ᠋ ᠪᠣᠳᠠᠰ ᠢ ᠪᠣᠷᠣᠯᠠᠭᠤᠯᠬᠤ ᠥᠬᠡᠶ ᠪᠠᠶᠢᠬᠤ ᠶᠢᠨ ᠬᠠᠮᠲᠤ ᠤᠬᠠᠭᠤᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠡᠶ᠎ᠡ ᠵᠣᠬᠢᠴᠠᠩᠭᠤᠶ ᠡᠷᠡᠭᠦᠯ ᠰᠠᠷᠠᠭᠤᠯ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠶ ᠪᠣᠯᠭᠠᠬᠤ ᠪᠣᠯᠣᠨ᠎ᠠ᠃

 

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ