ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠣᠮᠣ ᠵᠠᠬ᠎ᠠ ᠳᠡᠯᠭᠡᠭᠦᠷ ᠢ ᠳᠠᠭᠤᠷᠢᠰᠤᠭᠤᠯᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/2

    8 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠪᠴᠢᠶᠠᠨ ᠤ ᠪᠠᠶᠢᠭᠤᠯᠭ᠎ᠠ ᠪᠠ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠴᠡᠷᠢᠭ ᠠᠴᠠ ᠬᠠᠯᠠᠭᠳᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ︽ᠲᠣᠮᠣ ᠵᠠᠬ᠎ᠠ ᠳᠡᠯᠭᠡᠭᠦᠷ ᠢ ᠳᠠᠭᠤᠷᠢᠰᠤᠭᠤᠯᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ︽8.1︾ ᠢ ᠪᠡᠯᠭᠡᠯᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠳᠤ ᠣᠷᠣᠯᠴᠠᠭᠰᠠᠳ ᠤᠷᠢᠳ ᠬᠤᠵᠢᠳ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠴᠡᠷᠢᠭ ᠤᠨ ᠲᠡᠦᠬᠡ ᠶᠢᠨ ᠣᠷᠳᠣᠨ ᠵᠢᠴᠢ ᠲᠠᠪᠤᠨᠰᠠᠶᠢᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠢ ᠲᠣᠭᠤᠷᠢᠨ ᠦᠵᠡᠪᠡ᠃ ᠪᠣᠳᠠᠲᠤ ᠡᠳ᠋᠂ ᠱᠤᠭᠤᠮᠠᠯ᠂ ᠵᠢᠷᠤᠭ ᠪᠢᠴᠢᠭ ᠵᠡᠷᠭᠡ ᠬᠡᠯᠪᠡᠷᠢ ᠪᠠᠷ ᠳᠠᠮᠵᠢᠭᠤᠯᠤᠨ᠂ ᠶᠠᠫᠣᠨ ᠢ ᠡᠰᠡᠷᠭᠦᠴᠡᠬᠦ ᠳᠠᠶᠢᠨ᠂ ᠴᠢᠯᠥᠭᠡᠯᠡᠬᠦ ᠳᠠᠶᠢᠨ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠶᠢᠨ ᠴᠠᠭ ᠦᠶ᠎ᠡ  ᠶᠢᠨ ᠴᠢᠬᠤᠯᠠ ᠶᠡᠭᠡ ᠬᠡᠷᠡᠭ ᠶᠠᠪᠤᠳᠠᠯ ᠪᠣᠯᠤᠨ ᠭᠤᠤᠯ ᠠᠵᠢᠯ ᠢ ᠭᠦᠨᠵᠡᠭᠡᠶ ᠣᠶᠢᠯᠠᠭᠠᠵᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠯᠤᠲᠤ ᠶᠡᠭᠡ ᠠᠮᠵᠢᠯᠲᠠ ᠪᠦᠲᠦᠮᠵᠢ ᠵᠢᠴᠢ ᠤᠷᠲᠤ ᠬᠤᠭᠤᠴᠠᠭᠠᠨ ᠤ ᠬᠤᠪᠢᠰᠬᠠᠯᠲᠤ ᠲᠡᠮᠡᠴᠡᠯ ᠪᠣᠯᠤᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠶᠢᠨ ᠳᠤᠮᠳᠠ ᠪᠤᠶ ᠪᠣᠯᠤᠭᠰᠠᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠭᠦᠨᠵᠡᠭᠡᠶ ᠰᠤᠷᠤᠯᠴᠠᠪᠠ᠃


1.png


    ᠰᠤᠷᠭᠠᠭᠴᠢ ᠶᠢᠨ ᠵᠢᠯᠤᠭᠤᠳᠤᠯᠭ᠎ᠠ ᠪᠠᠷ ᠤᠯᠠᠨ ᠢᠶᠠᠷ ᠢᠶᠠᠨ ᠰᠤᠷᠭᠠᠬᠤ ᠂ ᠰᠤᠷᠤᠯᠴᠠᠬᠤ᠂ ᠪᠣᠯᠪᠠᠰᠤᠷᠠᠭᠤᠯᠬᠤ᠂ ᠠᠳᠠᠯᠢᠳᠬᠠᠬᠤ ᠵᠡᠷᠭᠡ ᠠᠷᠭ᠎ᠠ ᠬᠡᠯᠪᠡᠷᠢ ᠪᠠᠷ ᠭᠠᠯᠲᠤ ᠰᠤᠮᠤᠨ ᠤ ᠬᠤᠩᠬᠢᠯ᠂ ᠮᠢᠨᠠᠮᠢᠶᠤᠲ ᠫᠤᠤ ᠪᠠ 95 ᠬᠡᠯᠪᠡᠷᠢ ᠶᠢᠨ ᠯᠠᠶᠢᠰᠧᠷ ᠠᠦ᠋ᠲ᠋ᠣ᠋ ᠶᠠᠪᠠᠭᠠᠨ ᠫᠤᠤ ᠵᠡᠷᠭᠡ ᠵᠡᠪᠰᠡᠭ ᠤᠨ ᠳᠠᠭᠤᠷᠢᠶᠠᠮᠠᠯ ᠫᠤᠤᠳᠠᠯᠭ᠎ᠠ ᠶᠢ ᠪᠡᠶᠡᠴᠢᠯᠡᠨ ᠣᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠣᠶᠢᠯᠠᠭᠠᠪᠠ᠃


2.png


    ᠠᠵᠢᠯᠯᠠᠭ᠎ᠠ ᠳᠤ ᠴᠡᠷᠢᠭ ᠠᠴᠠ ᠬᠠᠯᠠᠭᠳᠠᠭᠰᠠᠨ ᠺᠠᠳ᠋ᠷᠴᠤᠳ ᠲᠡᠷᠡ ᠬᠦ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠭᠰᠠᠨ ᠭᠠᠶᠢᠬᠠᠮᠰᠢᠭᠲᠤ ᠣᠨ ᠰᠠᠷ᠎ᠠ ᠶᠢ ᠳᠠᠬᠢᠨᠲᠠ ᠡᠷᠭᠢᠴᠡᠭᠦᠯᠵᠦ᠂ ᠨᠢᠭᠡ ᠤᠳᠠᠭᠠᠨ ᠤ ᠭᠦᠨ ᠭᠦᠨᠵᠡᠭᠡᠶ ᠡᠬᠡ ᠣᠷᠣᠨᠴᠢ ᠦᠵᠡᠯ ᠤᠨ ᠬᠥᠮᠦᠵᠢᠯ ᠢ ᠬᠦᠷᠲᠡᠪᠡ᠃ ᠤᠯᠠᠨ ᠢᠶᠠᠷ ᠢᠶᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠳᠤ ᠣᠷᠣᠯᠴᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠰᠢᠯᠢᠳᠡᠭ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ