ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠤᠳᠤᠷᠬᠠᠢ ᠬᠠᠭᠤᠳᠠᠰᠤ ᠶᠢᠨ ᠬᠡᠯᠪᠡᠷᠢ︾ ᠪᠠᠷ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/8/2

    ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠮᠰᠠᠷ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ᠂ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠪᠠᠨ ᠬᠠᠮᠲᠤᠷᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠢᠴᠡᠳᠬᠡᠬᠦ ᠶᠢ ᠵᠢᠯᠣᠭᠤᠳᠴᠤ᠂ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠤᠳᠤᠷᠬᠠᠢ ᠬᠠᠭᠤᠳᠠᠰᠤ︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃

    ᠨᠢᠭᠡ ᠳᠤ᠂ ᠲᠤᠳᠤᠷᠬᠠᠢ ᠬᠠᠭᠤᠳᠠᠰᠤ ᠭᠠᠷᠭᠠᠵᠤ᠂ ᠭᠤᠤᠯᠳᠠᠯᠭ᠎ᠠ ᠲᠠᠢ ᠭᠤᠭᠴᠤᠭ᠎ᠠ ᠪᠠ ᠬᠠᠷᠢᠭᠤᠴᠠᠯᠭ᠎ᠠ ᠶᠢᠨ ᠴᠢᠭᠯᠡᠯ ᠢ ᠡᠮᠬᠢᠯᠡᠪᠡ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ᠂ ᠬᠡᠪᠴᠢᠶ᠎ᠡ ᠶᠢᠨ ᠶᠡᠭᠡ ᠪᠠᠭ᠎ᠠ᠂ ᠢᠳᠡᠭᠡᠨ ᠤ ᠲᠥᠷᠥᠯ ᠢᠯᠭᠠᠯ ᠵᠡᠷᠭᠡ ᠲᠠᠢ ᠤᠶᠠᠯᠳᠤᠭᠤᠯᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠵᠠᠳᠠᠯᠤᠯᠲᠠ ᠬᠢᠵᠦ᠂ ᠲᠦᠭᠰᠢᠭᠦᠷᠢ ᠶᠢᠨ ᠴᠡᠭ ᠢ ᠡᠷᠢᠨ ᠨᠤᠲᠠᠯᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ᠂ ᠪᠣᠳᠠᠲᠠᠶ ᠳᠤ ᠨᠡᠶᠢᠴᠡᠭᠰᠡᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠤᠳᠤᠷᠬᠠᠢ ᠬᠠᠭᠤᠳᠠᠰᠤ ︾ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠤᠳᠤᠷᠬᠠᠢ ᠬᠠᠭᠤᠳᠠᠰᠤ  ᠲᠠᠢ ᠬᠠᠷᠢᠴᠠᠭᠤᠯᠤᠨ ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ᠂ ᠬᠡᠷᠡᠭᠵᠢᠭᠦᠯᠵᠦ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ︽ᠲᠤᠳᠤᠷᠬᠠᠢ ᠬᠠᠭᠤᠳᠠᠰᠤ︾ ᠶᠢ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠬᠠᠮᠢᠶᠠᠷᠤᠯᠲᠠ ᠶᠢᠨ ᠲᠦᠷᠢᠮ ᠳᠤ ᠦᠨᠡᠨ ᠬᠦ ᠠᠭᠤᠰᠤᠯᠴᠠᠭᠤᠯᠵᠤ᠂ ᠠᠵᠤ ᠠᠬᠤᠶᠢᠯᠠᠯ ᠤᠨ ᠡᠳᠦᠷ ᠲᠤᠲᠤᠮ ᠤᠨ ᠬᠠᠮᠢᠶᠠᠷᠤᠯᠲᠠ ᠳᠤ ᠦᠨᠡᠨ ᠬᠦ ᠠᠭᠤᠰᠤᠯᠴᠠᠭᠤᠯᠵᠤ᠂ ᠠᠵᠤ ᠠᠬᠤᠶᠢᠯᠠᠯ ᠤᠨ ᠲᠦᠭᠰᠢᠭᠦᠷᠢ ᠶᠢ ᠨᠠᠷᠢᠯᠢᠭ ᠣᠨᠣᠪᠴᠢᠲᠠᠢ  ᠪᠠᠷ ᠰᠡᠷᠭᠡᠶᠢᠯᠡᠨ ᠡᠵᠡᠮᠳᠡᠬᠦ ᠬᠡᠮᠵᠢᠶ᠎ᠡ ᠶᠢ ᠰᠢᠯᠢᠳᠡᠭᠵᠢᠭᠦᠯᠦᠨ ᠳᠡᠭᠡᠭᠰᠢᠯᠡᠭᠦᠯᠪᠡ᠃

    ᠬᠤᠶᠠᠷ ᠲᠤ᠂ ᠰᠠᠭᠤᠷᠢ ᠶᠢ ᠪᠠᠬᠢᠵᠢᠭᠦᠯᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠪᠠ᠃ ᠠᠯᠠᠱᠠ ᠠᠶᠢᠮᠠᠭ ᠤᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠯᠣᠭᠤᠳᠣᠯᠭ᠎ᠠ ᠶᠢ ᠤᠶᠠᠯᠳᠤᠭᠤᠯᠬᠤ᠂ ᠲᠥᠪᠯᠡᠷᠡᠭᠦᠯᠦᠨ ᠰᠣᠯᠢᠯᠴᠠᠬᠤ ᠪᠠ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠶᠢ ᠤᠶᠠᠯᠳᠤᠭᠤᠯᠬᠤ᠂ ᠲᠤᠰᠬᠠᠶ ᠬᠥᠮᠦᠨ ᠢᠶᠠᠷ ᠲᠠᠶᠢᠯᠪᠤᠷᠢᠯᠠᠭᠤᠯᠬᠤ ᠪᠠ ᠵᠠᠳᠠᠯᠤᠨ ᠡᠮᠬᠢᠳᠬᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠲᠦᠭᠰᠢᠭᠦᠷᠢ ᠶᠢ ᠣᠨᠣᠪᠴᠢᠲᠠᠶ ᠢᠯᠭᠠᠨ ᠲᠠᠨᠢᠬᠤ᠂ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠳᠤ ᠯᠠᠪᠯᠠᠯᠲᠠ ᠪᠠ ᠵᠦᠭᠯᠡᠭᠦᠷ ᠬᠠᠩᠭᠠᠪᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠲᠠᠢ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠠᠶᠢᠭᠤᠯᠤᠨ ᠬᠡᠷᠡᠭᠵᠢᠭᠦᠯᠦᠭᠰᠡᠨ ︽ᠲᠤᠳᠤᠷᠬᠠᠢ ᠬᠠᠭᠤᠳᠠᠰᠤ︾ ᠶᠢᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠴᠤᠭᠯᠠᠭᠤᠯᠤᠨ ᠬᠤᠷᠢᠶᠠᠩᠭᠤᠶᠢᠯᠠᠵᠤ᠂ ᠶᠡᠷᠦᠩᠬᠡᠶᠢᠯᠡᠨ ᠵᠠᠳᠠᠯᠵᠤ᠂ ᠰᠠᠶᠢᠨ ᠲᠤᠷᠰᠢᠯᠭ᠎ᠠ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤ ᠨᠢ ᠲᠣᠬᠢᠷᠠᠭᠤᠯᠤᠨ ᠬᠤᠪᠢᠶᠠᠯᠴᠠᠨ ᠰᠣᠯᠢᠯᠴᠠᠵᠤ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠷᠤᠮᠵᠢᠭᠤᠯᠪᠠ᠃ ᠡᠭᠦᠨ ᠤ ᠬᠠᠮᠲᠤ᠂ ᠠᠵᠢᠯ ᠲᠥᠷᠥᠯ ᠤᠨ ᠨᠡᠶᠢᠲᠡᠯᠢᠭ ᠴᠢᠨᠠᠷᠲᠠᠶ ᠠᠰᠠᠭᠤᠳᠠᠯ ᠢ ᠬᠤᠷᠢᠶᠠᠩᠭᠤᠶᠢᠯᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠠᠵᠢᠯ ᠢ ᠴᠠᠭ ᠲᠤᠬᠠᠶ ᠳᠤ ᠨᠢ ᠥᠷᠨᠢᠭᠦᠯᠵᠦ᠂ ᠡᠯ᠎ᠡ ᠲᠥᠷᠥᠯ ᠤᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ᠃

    ᠭᠤᠷᠪᠠ ᠳᠤ᠂ ᠰᠤᠮᠤ ᠶᠢ ᠬᠠᠷᠠᠯᠲᠠ ᠲᠠᠢ ᠪᠠᠷ ᠬᠠᠷᠪᠤᠵᠤ᠂ ᠡᠯ᠎ᠡ ᠲᠥᠷᠥᠯ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠠᠶᠢᠮᠠᠭ ᠤᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠮᠡᠳᠡᠭᠦᠯᠦᠯᠲᠡ ᠶᠢᠨ ᠬᠤᠷᠠᠯ ᠬᠢᠭᠡᠳ ᠢᠯᠡ ᠪᠠᠷ ᠠᠮᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠡᠯ᠎ᠡ ᠠᠵᠤ ᠠᠬᠤᠶᠢᠯᠠᠯ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠬᠡᠭᠰᠡᠨ ᠲᠤᠷᠰᠢᠯᠭ᠎ᠠ ᠠᠷᠭ᠎ᠠ ᠬᠢᠳᠡᠯ ᠤᠨ ᠲᠤᠬᠠᠶ ᠬᠠᠷᠢᠭᠤ ᠮᠡᠳᠡᠭᠦᠯᠵᠦ ᠰᠠᠨᠠᠯ ᠢᠶᠠᠨ ᠰᠣᠯᠢᠯᠴᠠᠪᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ︽ᠲᠤᠳᠤᠷᠬᠠᠢ ᠬᠠᠭᠤᠳᠠᠰᠤ︾ ᠵᠢᠴᠢ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠢᠳᠡᠭᠡᠨ ᠤ ᠲᠥᠷᠥᠯ ᠵᠦᠢᠯ᠂ ᠣᠷᠣᠨ ᠪᠦᠰᠡ᠂ ᠨᠡᠶᠢᠲᠡᠯᠢᠭ ᠴᠢᠨᠠᠷᠲᠠᠶ ᠠᠰᠠᠭᠤᠳᠠᠯ ᠪᠠ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠣᠷᠣᠨ ᠪᠦᠰᠡ ᠶᠢᠨ ᠴᠢᠨᠠᠷᠲᠠᠶ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠠᠪᠰᠤᠷᠤᠨ ᠲᠡᠳᠬᠦᠵᠦ ᠵᠢᠯᠣᠭᠤᠳᠬᠤ ᠶᠢ ᠥᠷᠨᠢᠭᠦᠯᠵᠦ᠂ ᠠᠰᠠᠭᠤᠳᠠᠯ ᠤᠨ ᠰᠢᠯᠲᠠᠭᠠᠨ ᠢ ᠵᠠᠳᠠᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠡᠪᠬᠡᠮᠡᠯ︾᠂ ︽ᠨᠢᠭᠡ ᠣᠷᠣᠨ ᠪᠦᠰᠡ ᠳᠤ ᠨᠢᠭᠡ ᠲᠠᠩᠰᠠ ᠡᠪᠬᠡᠮᠡᠯ︾᠂ ︽ᠨᠢᠭᠡ ᠦᠢᠯᠡᠳᠬᠦᠨ ᠳᠤ ᠨᠢᠭᠡ ᠠᠷᠭ᠎ᠠ ᠪᠣᠳᠣᠯᠭ᠎ᠠ︾ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠤᠳᠤᠷᠬᠠᠢ ᠬᠠᠭᠤᠳᠠᠰᠤ ᠶᠢᠨ ᠬᠡᠯᠪᠡᠷᠢ︾ ᠶᠢᠨ ᠬᠠᠮᠢᠶᠠᠷᠤᠯᠲᠠ ᠶᠢᠨ ᠪᠥᠬᠦ ᠲᠠᠯ᠎ᠠ ᠪᠠᠷ ᠥᠷᠨᠢᠬᠦ ᠶᠢ ᠠᠬᠢᠭᠤᠯᠪᠠ᠃

    ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠦᠷᠭᠦᠯᠵᠢᠯᠡᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠣᠨ ᠤ ᠬᠤᠯᠪᠣᠭᠳᠠᠯ ᠪᠥᠬᠦᠶ ᠠᠵᠢᠯ ᠲᠠᠢ ᠤᠶᠠᠯᠳᠤᠭᠤᠯᠤᠨ᠂ ᠪᠥᠬᠦ ᠠᠶᠢᠮᠠᠭ ᠤᠨ ᠪᠣᠯᠪᠠᠰᠤᠷᠠᠯ ᠰᠣᠯᠢᠯᠴᠠᠭᠠᠨ ᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠬᠤᠷᠠᠯᠳᠤᠭᠤᠯᠵᠤ᠂ ︽ᠲᠦᠭᠰᠢᠭᠦᠷᠢ ᠶᠢᠨ ᠲᠤᠳᠤᠷᠬᠠᠢ ᠬᠠᠭᠤᠳᠠᠰᠤ︾᠂ ︽ᠠᠷᠭ᠎ᠠ ᠬᠡᠮᠵᠢᠶ᠎ᠡ ᠶᠢᠨ ᠲᠤᠳᠤᠷᠬᠠᠢ ᠬᠠᠭᠤᠳᠠᠰᠤ ︾᠂ ︽ᠬᠠᠷᠢᠭᠤᠴᠠᠯᠭ᠎ᠠ ᠶᠢᠨ ᠲᠤᠳᠤᠷᠬᠠᠢ ᠬᠠᠭᠤᠳᠠᠰᠤ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠬᠢᠨᠠᠨ ᠬᠠᠮᠢᠶᠠᠷᠬᠤ ᠠᠵᠢᠯᠲᠠᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ